ᠰᠦᠯᠳᠡ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/6
      ᠰᠦᠯᠳᠡ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ       3 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠰᠦᠯᠳᠡ ᠮᠠᠨ ᠤ ᠬᠤᠰᠢᠭᠤᠨ ᠤ ᠱᠢ ᠵᠢᠩ ᠬᠤᠳᠠᠯᠳᠤᠭᠠᠨ ᠤ ᠠᠰᠠᠷ᠂ ᠬᠠᠢ ᠰᠢᠨ ᠴᠢᠯᠠᠭᠤᠨ ᠲᠣᠰᠣᠨ ᠤ ᠰᠢᠲᠠᠮᠠᠬᠠᠢ ᠬᠡᠢ ᠶᠢᠨ ᠥᠷᠲᠡᠭᠡ᠂ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ᠂ ᠳ᠋ᠦ᠋ᠩ ᠱᠠᠨ ᠴᠡᠴᠡᠷᠯᠢᠭ᠂ ᠵᠢᠷᠭᠤᠳᠤᠭᠠᠷ ᠪᠠᠭ᠎ᠠ ᠰᠤᠷᠭᠠᠭᠤᠯᠢ ᠵᠡᠷᠭᠡ ᠭᠠᠵᠠᠷ ᠢᠶᠠᠷ ᠭᠦᠨᠵᠡᠭᠡᠶᠢᠷᠡᠵᠦ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠪᠡ᠃
3.3+1.jpeg
      ᠰᠦᠯᠳᠡ ᠬᠡᠯᠡᠬᠦ ᠳᠤ ᠪᠠᠨ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠲᠠᠢᠱᠠᠨ  ᠠᠭᠤᠯᠠᠨ ᠡᠴᠡ ᠬᠦᠨᠳᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ  ᠲᠠᠢ ᠬᠤᠯᠪᠣᠭᠳᠠᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠴᠢᠩᠭᠠᠳᠬᠠᠵᠤ᠂ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠠᠮᠤᠷ ᠲᠦᠪᠰᠢᠨ ᠪᠤᠰᠤ ᠳᠠᠯᠳᠠ ᠭᠡᠮ ᠢ ᠵᠢᠭᠰᠡᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠳᠬᠠᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠪᠠ ᠠᠵᠠ ᠬᠠᠷᠠᠬᠤ ᠪᠣᠳᠣᠯ ᠰᠡᠳᠬᠢᠯᠭᠡ ᠶᠢ ᠡᠷᠡᠰ ᠲᠡᠪᠴᠢᠵᠦ᠂ 《 ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ 》 ᠬᠠᠷᠢᠭᠤᠴᠠᠯᠭᠠᠲᠤ ᠰᠡᠳᠬᠢᠯᠭᠡ ᠪᠠᠷ ᠠᠶᠤᠯ ᠦᠭᠡᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠢᠩᠭᠠᠯᠠᠵᠤ᠂ ᠠᠶᠤᠯ ᠦᠭᠡᠢ ᠦᠢᠯᠡᠳᠪᠦᠷᠢᠯᠡᠯ ᠤᠨ ᠡᠨᠡᠬᠦ ᠤᠯᠠᠭᠠᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ᠬᠤᠳᠠᠯᠳᠤᠭᠠᠨ ᠤ ᠬᠡᠳᠦ ᠳᠡᠯᠭᠡᠭᠦᠷ ᠪᠣᠯ ᠬᠥᠮᠦᠨ ᠠᠮᠠ ᠨᠢᠭᠲᠡ ᠬᠤᠷᠠᠵᠤ ᠴᠤᠭᠯᠠᠷᠠᠬᠤ ᠭᠠᠵᠠᠷ ᠲᠠᠯᠠᠪᠤᠷ ᠪᠣᠯᠬᠤ ᠲᠤᠯᠠ ᠠᠵᠤ ᠠᠬᠤᠶᠢᠯᠠᠯ ᠤᠳ ᠠᠶᠤᠯ ᠦᠭᠡᠢ ᠦᠢᠯᠡᠳᠪᠦᠷᠢᠯᠡᠯ ᠤᠨ ᠥᠪᠡᠰᠦᠪᠡᠨ ᠪᠠᠶᠢᠴᠠᠭᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠨ ᠠᠵᠢᠯᠴᠢᠳ ᠤᠨ ᠠᠶᠤᠯ ᠦᠭᠡᠢ ᠶᠢᠨ ᠬᠥᠮᠦᠵᠢᠯ ᠢ ᠰᠠᠶᠢᠲᠤᠷ ᠬᠢᠵᠦ ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠵᠡᠷᠭᠡ ᠭᠤᠣᠯᠳᠠᠯᠭ᠎ᠠ ᠲᠠᠢ ᠣᠷᠣᠨ ᠤ ᠠᠶᠤᠯ ᠦᠭᠡᠢ ᠶᠢᠨ ᠰᠡᠷᠭᠡᠶᠢᠯᠡᠬᠦ ᠠᠷᠭ᠎ᠠ ᠬᠡᠮᠵᠢᠶ᠎ᠡ ᠪᠣᠯᠤᠨ ᠡᠳᠦᠷ ᠪᠦᠷᠢ ᠶᠢᠨ ᠲᠣᠭᠤᠷᠢᠨ ᠪᠠᠶᠢᠴᠠᠭᠠᠬᠤ ᠶᠢ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠳᠠᠷᠤᠵᠤ ᠪᠣᠳᠠᠲᠠᠶᠢᠵᠢᠭᠤᠯᠬᠤ ᠬᠡᠷᠡᠭᠲᠡᠢ᠃ᠰᠢᠲᠠᠮᠠᠬᠠᠢ ᠬᠡᠢ ᠬᠠᠩᠭᠠᠬᠤ ᠠᠵᠤ ᠠᠬᠤᠶᠢᠯᠠᠯ ᠤᠳ ᠠᠶᠤᠯ ᠥᠬᠡᠢ ᠬᠥᠭᠵᠢᠭᠦᠯᠬᠦ ᠣᠨᠣᠯᠵᠢᠬᠤᠨ ᠢ ᠪᠣᠢ ᠪᠣᠯᠭᠠᠵᠤ᠂ ᠠᠵᠢᠯᠯᠠᠭᠤᠯᠬᠤ ᠴᠤᠪᠤᠷᠠᠯ ᠢ ᠵᠢᠷᠤᠮᠵᠢᠭᠤᠯᠤᠨ᠂ ᠬᠡᠢ ᠬᠡᠷᠡᠭᠯᠡᠬᠦ ᠠᠶᠤᠯ ᠥᠬᠡᠢ ᠶᠢᠨ ᠤᠬᠠᠭᠤᠯᠭ᠎ᠠ ᠶᠢ ᠴᠢᠩᠭᠠᠳᠬᠠᠵᠤ᠂ ᠠᠶᠤᠯ ᠥᠬᠡᠢ ᠪᠥᠭᠡᠳ ᠲᠣᠭᠲᠠᠭᠤᠨ ᠬᠡᠢ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠰᠤᠷᠭᠠᠭᠤᠯᠢ ᠨᠤᠭᠤᠳ ᠢᠳᠡᠭᠡᠨ ᠤ ᠠᠶᠤᠯ ᠦᠭᠡᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠢᠳᠡᠭᠡᠨ ᠤ ᠠᠶᠤᠯ ᠦᠭᠡᠢ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠣᠯᠤᠨ ᠥᠪᠡᠷ ᠢ ᠪᠠᠨ ᠪᠠᠶᠢᠴᠠᠭᠠᠬᠤ  ᠪᠠᠨ ᠴᠢᠩᠭᠠᠳᠬᠠᠵᠤ᠂ ᠢᠳᠡᠭᠡᠨ ᠤ ᠠᠶᠤᠯ ᠦᠭᠡᠢ ᠶᠢᠨ ᠪᠣᠭᠤᠮᠲᠠ ᠨᠢᠭᠡᠪᠦᠷᠢ ᠶᠢ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠶᠤᠯ ᠦᠭᠡᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠤᠶᠢᠭᠡᠢ ᠳᠡᠭᠡᠭᠰᠢᠯᠡᠭᠦᠯᠬᠦ ᠶᠢᠨ ᠬᠠᠮᠲᠤ ᠳᠡᠭᠡᠳᠦ ᠳᠣᠣᠷᠠᠲᠤ ᠰᠤᠷᠭᠠᠭᠤᠯᠢ ᠶᠢᠨ ᠬᠡᠰᠡᠭ ᠤᠨ ᠰᠤᠷᠭᠠᠭᠤᠯᠢ ᠶᠢᠨ ᠬᠦᠷᠢᠶᠡᠨ ᠤ ᠡᠭᠦᠳᠡᠨ ᠡᠮᠦᠨᠡᠬᠢ ᠵᠠᠮ ᠬᠠᠷᠢᠯᠴᠠᠭᠠᠨ ᠤ ᠠᠶᠤᠯ ᠦᠭᠡᠢ ᠶᠢᠨ ᠬᠠᠮᠢᠶᠠᠷᠤᠯᠲᠠ ᠶᠢ ᠳᠡᠭᠡᠭᠰᠢᠯᠡᠭᠦᠯᠵᠦ᠂ ᠰᠤᠷᠤᠭᠴᠢᠳ ᠤᠨ ᠠᠶᠤᠯ ᠦᠭᠡᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃
3.3+2.jpeg
      ᠬᠤᠰᠢᠭᠤᠨ ᠤ ᠤᠳᠤᠷᠢᠳᠤᠯᠭ᠎ᠠ ᠵᠢᠶᠠ ᠰᠢᠶᠣᠣ ᠫᠢᠩ᠂ ᠲᠣᠩ ᠰᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2