ᠴᠠᠭᠠᠨᠪᠤᠯᠠᠭ ᠰᠤᠮᠤ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠨᠡᠶᠢᠲᠡ ᠶᠢᠨ | ᠶᠠᠷᠢᠯᠴᠠᠭ᠎ᠠ | | ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠬᠠᠮᠢᠶ᠎ᠠ ᠪᠥᠬᠦᠢ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠺᠠᠲᠧᠷ ᠤᠨ ᠴᠢᠬᠡᠴᠢ ᠵᠠᠰᠠᠭ ᠤᠨ ᠬᠥᠮᠦᠵᠢᠯ ᠢ ᠰᠠᠶᠢᠲᠤᠷ ᠬᠢᠵᠦ᠂ ᠺᠠᠲᠧᠷ ᠤᠨ ᠠᠷᠢᠭᠤᠨ | ᠴᠢᠬᠡᠴᠢ ᠪᠠᠷ ᠪᠡᠶ᠎ᠡ ᠪᠠᠨ ᠱᠠᠭᠠᠷᠳᠠᠬᠤ ᠤᠬᠠᠮᠰᠠᠷ ᠢ ᠴᠢᠩᠭᠠᠳᠬᠠᠵᠤ᠂ ᠢᠯᠵᠢᠷᠡᠨ ᠳᠣᠷᠦ᠋ᠢᠲᠠᠬᠤ ᠶᠢ ᠡᠰᠡᠷᠭᠦᠴᠡᠬᠦ | ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ ᠣᠶᠢᠷ᠎ᠠ ᠳᠤ ᠴᠠᠭᠠᠨᠪᠤᠯᠠᠭ | ᠰᠤᠮᠤ ᠬᠠᠮᠲᠤ ᠶᠢᠨ ᠴᠢᠬᠡᠴᠢ ᠵᠠᠰᠠᠭ ᠤᠨ ᠶᠠᠷᠢᠯᠴᠠᠭ᠎ᠠ ᠥᠷᠨᠢᠭᠦᠯᠵᠦ ᠪᠣᠢ᠃ ᠨᠠᠮ ᠤᠨ ᠬᠤᠷᠢᠶᠠᠨ ᠤ ᠱᠦᠵᠢ ᠳᠤ | ᠬᠠᠢ ᠪᠦᠸᠧ ᠨᠥᠬᠦᠷ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠰᠤᠮᠤᠨ ᠤ ᠴᠠᠩ ᠶᠦᠨ ᠰᠢᠶᠣᠤ ᠯᠧ | ᠨᠥᠬᠦᠷ ᠬᠤᠷᠠᠯ ᠡᠷᠬᠢᠯᠡᠪᠡ᠃ ᠰᠤᠮᠤ ᠶᠢᠨ ᠪᠦᠬᠦ ᠨᠠᠮ ᠤᠨ ᠭᠡᠰᠢᠭᠦᠨ ᠺᠠᠳ᠋ᠷ᠂ ᠭᠠᠴᠠᠭᠠᠨ ᠤ ᠨᠠᠮ ᠤᠨ ᠡᠭᠦᠷ ᠤᠨ | ᠱᠦᠵᠢ ᠬᠤᠷᠠᠯ ᠳᠤ ᠣᠷᠣᠯᠴᠠᠪᠠ᠃ | ᠬᠤᠷᠠᠯ ᠠᠴᠠ᠂ ᠣᠳᠣᠬᠠᠨ ᠤ ᠨᠠᠮ ᠤᠨ ᠰᠤᠷᠲᠠᠯ ᠤᠨ ᠪᠠᠶᠢᠭᠤᠯᠤᠯᠲᠠ ᠠᠷᠢᠭᠤᠨ ᠴᠢᠭᠴᠢ ᠪᠠᠷ ᠵᠠᠰᠠᠭ | ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠰᠢᠨ᠎ᠡ ᠪᠠᠶᠢᠳᠠᠯ ᠢ ᠭᠦᠢᠴᠡᠳ ᠲᠠᠨᠢᠵᠤ᠂ | ᠦᠵᠡᠯ ᠰᠠᠨᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ | ᠨᠢᠭᠡᠳᠬᠡᠵᠦ ᠂ ᠰᠢᠨ᠎ᠡ ᠠᠶᠠᠨ ᠳᠠᠶᠢᠨ ᠤ ᠳᠤᠮᠳᠠᠬᠢ ᠢᠯᠵᠠᠷᠠᠯ ᠢ ᠡᠰᠡᠷᠭᠦᠴᠡᠬᠦ ᠲᠡᠮᠡᠴᠡᠯ ᠤᠨ ᠲᠦᠢᠯ ᠤᠨ ᠴᠢᠬᠤᠯᠠ | ᠴᠢᠨᠠᠷ ᠢ ᠭᠦᠨᠵᠡᠭᠡᠢ ᠲᠠᠨᠢᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠥᠬᠡᠢ ᠪᠠᠷ ᠲᠦᠯᠬᠢᠨ | ᠠᠬᠢᠭᠤᠯᠵᠤ᠂ ᠡᠯ᠎ᠡ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠥᠷᠭᠡᠨ ᠣᠯᠠᠨ ᠨᠠᠮ ᠤᠨ | ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠤᠨ᠂ ᠡᠷᠡᠰ ᠴᠢᠩᠬ᠎ᠠ ᠦᠨᠳᠦᠰᠦᠨ | ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠲᠤ ᠬᠤᠭᠤᠴᠠᠭ᠎ᠠ ᠪᠠᠷ ᠪᠠᠷᠢᠮᠲᠠᠯᠠᠬᠤ | ᠬᠡᠷᠡᠭᠲᠡᠢ᠃ | ᠬᠤᠷᠠᠯ ᠠᠴᠠ᠂ ᠬᠤᠷᠢᠭ᠎ᠠ ᠱᠤᠭᠤᠮ ᠢ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ | ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ ᠺᠠᠳ᠋ᠷ ᠪᠣᠯᠬᠤ ᠬᠡᠷᠡᠭᠲᠡᠢ᠃ ᠤᠯᠤᠰ ᠲᠥᠷᠥ ᠶᠢᠨ | ᠣᠨᠣᠯ᠂ ᠨᠠᠮ ᠤᠨ ᠰᠠᠬᠢᠯᠭ᠎ᠠ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠪᠠᠷᠢᠮᠲᠠᠯᠠᠵᠤ᠂ | ᠭᠠᠵᠢᠭᠤ ᠰᠤᠷᠲᠠᠯ ᠭᠠᠵᠢᠭᠤ ᠰᠤᠷᠲᠠᠯ ᠢ ᠤᠬᠠᠮᠰᠠᠷᠠ᠋ᠴᠠ ᠪᠠᠨ ᠬᠤᠷᠢᠭᠯᠠᠵᠤ᠂ ᠪᠡᠶ᠎ᠡ ᠪᠠᠨ ᠬᠢᠴᠢᠶᠡᠵᠦ᠂ | ᠪᠣᠯᠭᠤᠮᠵᠢᠲᠠᠢ ᠪᠠᠶᠢᠵᠤ᠂ ᠨᠠᠮᠴᠢ ᠴᠢᠨᠠᠷ ᠤᠨ ᠪᠣᠯᠪᠠᠰᠤᠷᠠᠯ ᠪᠠ ᠶᠣᠰᠣ ᠮᠣᠷᠠᠯ ᠤᠨ ᠪᠣᠯᠪᠠᠰᠤᠷᠠᠯ ᠢᠶᠠᠨ ᠴᠢᠩᠭᠠᠳᠬᠠᠵᠤ | ᠂ ᠵᠥᠪ ᠥᠷᠲᠡᠭ ᠤᠨ ᠦᠵᠡᠯᠲᠡ᠂ ᠡᠷᠬᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠣᠢ | ᠪᠣᠯᠭᠠᠵᠤ᠂ ᠡᠷᠬᠡ ᠪᠠᠨ ᠲᠥᠪ ᠭᠤᠣᠯᠴᠢ ᠪᠠᠷ ᠬᠡᠷᠡᠭᠯᠡᠵᠦ᠂ ᠡᠷᠬᠡ ᠪᠠᠨ ᠬᠠᠤᠯᠢ ᠶᠣᠰᠣᠭᠠᠷ ᠬᠡᠷᠡᠭᠯᠡᠵᠦ᠂ | ᠠᠷᠠᠳ ᠤᠨ ᠲᠥᠯᠥᠭᠡ ᠡᠷᠬᠡ ᠪᠠᠨ ᠬᠡᠷᠡᠭᠯᠡᠵᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠨ᠎ᠡ᠃ | ᠬᠤᠷᠠᠯ ᠠᠴᠠ ᠱᠠᠭᠠᠷᠳᠠᠭᠰᠠᠨ ᠨᠢ᠂ 《 ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ | ᠪᠠᠶᠢᠬᠤ 》 ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠦᠨᠵᠡᠭᠡᠶᠢᠷᠡᠭᠦᠯᠦᠨ ᠬᠥᠭᠵᠢᠭᠦᠯᠬᠦ ᠬᠡᠷᠡᠭᠲᠡᠢ᠃ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠠᠵᠢᠯ ᠢ ᠲᠤᠬᠠᠶᠢᠯᠠᠭᠰᠠᠨ ᠠᠵᠢᠯ ᠯᠤᠭ᠎ᠠ ᠬᠠᠮᠲᠤ ᠳᠤᠨᠢ ᠰᠤᠳᠤᠯᠵᠤ᠂ ᠬᠠᠮᠲᠤ ᠳᠤᠨᠢ | ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠬᠠᠮᠲᠤ ᠳᠤᠨᠢ ᠪᠠᠶᠢᠴᠠᠭᠠᠬᠤ ᠶᠢ ᠪᠠᠷᠢᠮᠲᠠᠯᠠᠨ᠂ | ᠬᠠᠷᠢᠭᠤᠴᠠᠯᠭ᠎ᠠ ᠶᠢᠨ ᠨᠠᠷᠢᠨ ᠳᠠᠩᠰᠠ ᠶᠣᠰᠣᠭᠠᠷ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠬᠢᠨᠠᠮᠠᠭᠠᠢ ᠰᠠᠶᠢᠲᠤᠷ ᠭᠦᠢᠴᠡᠳᠬᠡᠵᠦ᠂ ᠨᠢᠭᠡ ᠱᠠᠲᠤ ᠨᠢ ᠨᠢᠭᠡ ᠱᠠᠲᠤ ᠪᠠᠨ | ᠠᠳᠬᠤᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠨ᠂ ᠨᠠᠮ ᠤᠨ ᠰᠤᠷᠲᠠᠯ ᠠᠷᠢᠭᠤᠨ ᠴᠢᠬᠡᠴᠢ | ᠪᠠᠷ ᠵᠠᠰᠠᠭ ᠪᠠᠷᠢᠬᠤ ᠪᠠᠶᠢᠭᠤᠯᠤᠯᠲᠠ ᠶᠢ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠢ | ᠪᠣᠯᠭᠠᠨ᠎ᠠ᠃ ᠵᠢᠩᠬᠢᠨᠢ ᠠᠩᠭᠢ ᠶᠢᠨ ᠲᠠᠰᠤᠭ ᠤᠨ ᠠᠵᠢᠯᠲᠠᠨ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ | ᠬᠥᠮᠦᠵᠢᠯ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠺᠠᠳ᠋ᠷᠴᠤᠳ ᠤᠨ ᠠᠷᠢᠭᠤᠨ ᠴᠢᠬᠡᠴᠢ ᠪᠠᠷ ᠪᠡᠶ᠎ᠡ ᠪᠠᠨ | ᠪᠠᠷᠢᠬᠤ ᠦᠵᠡᠯ ᠤᠬᠠᠮᠰᠠᠷ ᠢ ᠦᠨᠡᠨ ᠬᠦ ᠨᠡᠮᠡᠭᠳᠡᠭᠦᠯᠬᠦ ᠬᠡᠷᠡᠭᠲᠡᠢ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | |