ᠵᠦᠩ ᠵᠢᠶᠠ ᠲᠠᠷᠢᠶᠠᠯᠠᠩ ᠤᠨ ᠤᠰᠤ ᠠᠷᠪᠢᠯᠠᠬᠤ ᠵᠠᠮ ᠢ ᠲᠣᠭᠲᠠᠭᠠᠵᠤ ᠲᠥᠮᠦᠰᠦᠨ ᠤ ᠠᠵᠤ ᠦᠢᠯᠡᠰ ᠤᠨ | ᠪᠣᠬᠢᠷᠲᠤᠯ ᠥᠬᠡᠢ ᠬᠥᠳᠡᠯᠭᠡᠭᠦᠷ ᠢ ᠬᠦᠴᠦᠲᠡᠢ ᠪᠣᠢ ᠪᠣᠯᠭᠠᠶ᠎ᠠ | | | ᠣᠶᠢᠷ᠎ᠠ ᠳᠤ᠂ ᠥᠪᠥᠷ ᠮᠣᠩᠭᠤᠯ ᠤᠨ ᠵᠦᠩ ᠵᠢᠶᠠ ᠲᠠᠷᠢᠶᠠᠯᠠᠩ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠥᠮᠥᠷᠭᠡᠯᠡᠬᠦ ᠰᠠᠭᠤᠷᠢᠨ ᠭᠠᠵᠠᠷ ᠲᠤ ᠶᠠᠭᠠᠷᠠᠯᠲᠠᠢ ᠪᠠᠶᠢᠳᠠᠯ ᠬᠠᠷᠠᠭᠠᠨ ᠳᠤ ᠴᠢᠨᠢ | ᠲᠣᠳᠣᠷᠠᠯ᠎ᠠ᠃ ᠲᠥᠮᠥᠰᠥ ᠶᠢᠨ ᠬᠥᠮᠥᠷᠭᠡ ᠳᠤ᠂ ᠠᠵᠢᠯᠴᠢᠳ ᠴᠢᠨᠠᠷ ᠰᠠᠶᠢᠲᠠᠢ ᠲᠥᠮᠥᠰᠥ ᠶᠢᠨ ᠡᠭᠦᠯᠳᠡᠷ ᠢ ᠲᠦᠷᠭᠡᠨ | ᠢᠯᠭᠠᠨ ᠲᠣᠳᠣᠯᠠᠵᠤ᠂ ᠳᠠᠷᠢ ᠲᠡᠭᠰᠢ ᠲᠠᠯᠪᠢᠵᠤ᠂ ᠳᠠᠷᠠᠭ᠎ᠠ ᠪᠠᠷ ᠨᠢ ᠤᠭᠤᠲᠠᠯᠠᠵᠤ ᠰᠠᠪᠠᠯᠠᠬᠤ ᠬᠡᠷᠡᠭᠲᠡᠢ᠃ᠲᠤᠬᠠᠢ ᠶᠢᠨ | ᠲᠠᠯᠠᠪᠠᠢ ᠳᠤ ᠤᠤᠬᠠᠶᠢᠯᠠᠬᠤ ᠳᠠᠭᠤᠨ᠂ ᠮᠠᠰᠢᠨ ᠮᠧᠬᠠᠨᠢᠭ ᠤᠨ ᠠᠵᠢᠯᠯᠠᠭ᠎ᠠ ᠰᠣᠯᠢᠪᠴᠠᠨ᠂ ᠪᠣᠷᠣᠯᠠᠭᠤᠯᠭ᠎ᠠ ᠰᠠᠶᠢᠲᠠᠢ | ᠬᠥᠭᠵᠢᠮ ᠤᠨ ᠠᠶᠠᠰ ᠢ ᠴᠢᠪᠬᠠᠳᠠᠵᠤ᠂ ᠠᠴᠢᠶᠠᠨ ᠤ ᠮᠠᠰᠢᠨ ᠡᠳᠡᠭᠡᠷ ᠨᠠᠷᠢᠨ ᠨᠢᠮᠪᠠᠢ ᠰᠢᠯᠢᠭᠰᠡᠨ ᠲᠥᠮᠦᠰᠦᠨ ᠤ ᠦᠷ᠎ᠡ ᠶᠢ | ᠠᠴᠢᠵᠤ ᠲᠠᠰᠤᠷᠠᠯᠲᠠ ᠦᠭᠡᠢ ᠠᠳᠡ ᠠᠴᠠ ᠪᠦᠬᠦ ᠤᠯᠤᠰ ᠤᠨ ᠡᠯ᠎ᠡ ᠭᠠᠵᠠᠷ ᠲᠤ ᠵᠥᠭᠡᠭᠡᠪᠦᠷᠢᠯᠡᠨ᠎ᠡ᠃ | | | | | | ᠣᠳᠣᠬᠠᠨ ᠳᠤ ᠶᠠᠭ ᠰᠠᠶᠢᠬᠠᠨ ᠬᠦᠮᠦᠷᠭᠡ ᠠᠴᠠ ᠭᠠᠷᠴᠤ ᠪᠣᠷᠣᠯᠠᠭᠤᠯᠬᠤ ᠰᠢᠵᠢᠷ ᠠᠯᠲᠠᠨ ᠴᠠᠭ ᠦᠶ᠎ᠡ ᠳᠤ᠂ ᠲᠤᠰ | ᠺᠣᠮᠫᠠᠨᠢ ᠶᠢᠨ ᠦᠷ᠎ᠡ ᠰᠢᠯᠢᠳᠡᠭ ᠰᠠᠶᠢᠨ ᠬᠡᠪ ᠴᠢᠨᠠᠷ ᠢᠶᠠᠷ ᠢᠶᠠᠨ ᠡᠯ᠎ᠡ ᠭᠠᠵᠠᠷ ᠤᠨ ᠲᠠᠷᠢᠮᠠᠯ ᠤᠨ ᠡᠷᠦᠬᠡ ᠳᠤ ᠲᠠᠭᠠᠯᠠᠭᠳᠠᠵᠤ᠂ | ᠵᠠᠬᠢᠶᠠᠯᠠᠭ᠎ᠠ ᠶᠢᠨ ᠬᠠᠭᠤᠳᠠᠰᠤ ᠵᠠᠯᠭ᠎ᠠ ᠵᠠᠯᠭ᠎ᠠ ᠪᠠᠷ ᠬᠦᠷᠴᠦ᠂ ᠪᠣᠷᠣᠯᠠᠭᠤᠯᠭ᠎ᠠ ᠶᠢᠨ ᠲᠤᠭ᠎ᠠ ᠪᠠᠷᠢᠮᠲᠠ ᠨᠢ ᠦᠷᠭᠦᠯᠵᠢᠯᠡᠨ | ᠨᠡᠮᠡᠭᠳᠡᠵᠦ ᠪᠣᠢ᠃ ᠤᠯᠤᠰ ᠤᠨ ᠳᠡᠰ ᠤᠨ ᠲᠠᠷᠢᠶᠠᠯᠠᠩ ᠤᠨ ᠲᠣᠯᠣᠭᠠᠶᠢᠯᠠᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ | ᠂ ᠺᠣᠮᠫᠠᠨᠢ ᠶᠢᠨ 2024 ᠣᠨ ᠤ ᠲᠥᠮᠦᠰᠦᠨ ᠤ ᠦᠷ᠎ᠡ ᠶᠢᠨ ᠶᠡᠷᠦᠩᠬᠡᠢ ᠭᠠᠷᠤᠯᠲᠠ 3.8 ᠲᠦᠮᠡᠨ ᠲᠤᠨ ᠳᠤ ᠬᠦᠷᠴᠦ᠂ | ᠳᠤᠮᠳᠠ ᠪᠣᠯᠪᠠᠰᠤᠷᠠᠭᠤᠯᠤᠭᠰᠠᠨ 7᠂ ᠢᠨᠢᠴᠧ ᠵᠡᠷᠭᠡ ᠨᠡᠷᠡᠲᠦ ᠲᠥᠷᠥᠯ ᠵᠦᠢᠯ ᠨᠢ ᠰᠢᠯᠢᠳᠡᠭ ᠬᠡᠪ ᠴᠢᠨᠠᠷ ᠢᠶᠠᠷ ᠢᠶᠠᠨ ᠵᠠᠬ᠎ᠠ | ᠳᠡᠯᠭᠡᠭᠦᠷ ᠲᠤ ᠲᠣᠭᠤᠭᠳᠠᠵᠤ᠂ ᠣᠳᠣᠬᠠᠨ ᠳᠤ ᠪᠣᠷᠣᠯᠠᠭᠤᠯᠤᠯᠲᠠ ᠶᠢᠨ ᠨᠣᠷᠮ᠎ᠠ ᠨᠢ 8500 ᠲᠦᠮᠡᠨ ᠲᠥᠭᠦᠷᠢᠭ ᠢ | ᠳᠠᠪᠠᠵᠤ᠂ ᠪᠣᠷᠣᠯᠠᠭᠤᠯᠤᠯᠲᠠ ᠶᠢᠨ ᠰᠦᠯᠵᠢᠶ᠎ᠡ ᠨᠢ ᠪᠥᠬᠦ ᠤᠯᠤᠰ ᠤᠨ ᠠᠷᠪᠠ ᠭᠠᠷᠤᠢ ᠮᠣᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢ ᠬᠠᠮᠤᠷᠴᠠᠢ᠃ | | | | | ᠦᠢᠯᠡᠳᠪᠦᠷᠢᠯᠡᠯ ᠪᠣᠷᠣᠯᠠᠭᠤᠯᠭ᠎ᠠ ᠰᠠᠶᠢᠨ ᠪᠠᠶᠢᠬᠤ ᠶᠢᠨ ᠬᠠᠮᠲᠤ᠂ ᠲᠠᠷᠢᠶᠠᠯᠠᠩ ᠪᠠᠰᠠ ᠪᠣᠬᠢᠷᠲᠤᠯ ᠥᠬᠡᠢ | ᠬᠥᠭᠵᠢᠯᠲᠡ ᠶᠢᠨ ᠣᠶᠢᠯᠠᠭᠠᠭᠳᠠᠬᠤᠨ ᠢ ᠠᠵᠤ ᠦᠢᠯᠡᠰ ᠤᠨ ᠦᠢᠯᠡᠳᠦᠯᠭᠡ ᠳᠤ ᠭᠦᠨ ᠠᠭᠤᠰᠬᠠᠵᠠᠢ᠃2025 ᠣᠨ ᠳᠤ᠂ | ᠺᠣᠮᠫᠠᠨᠢ ᠥᠪᠥᠷ ᠮᠣᠩᠭᠤᠯ ᠤᠨ 《 ᠵᠢᠷᠭᠤᠭᠠᠨ ᠠᠵᠢᠯᠯᠠᠭ᠎ᠠ 》 ᠶᠢᠨ ᠪᠠᠶᠢᠷᠢᠯᠠᠭᠤᠯᠤᠯᠲᠠ ᠶᠢ ᠢᠳᠡᠪᠬᠢᠲᠡᠢ ᠴᠤᠤᠷᠢᠶᠠᠲᠤᠨ | ᠳᠠᠭᠠᠵᠤ᠂ ᠤᠰᠤ ᠠᠷᠪᠢᠯᠠᠬᠤ ᠪᠠᠶᠢᠯᠳᠤᠬᠤ ᠪᠣᠳᠣᠯᠭ᠎ᠠ ᠶᠢ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠭᠤᠣᠯ | ᠭᠠᠷᠳᠠᠴᠠ ᠪᠣᠯᠭᠠᠪᠠ᠃《 ᠭᠤᠷᠪᠠᠨ ᠶᠡᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ 》 ᠪᠠᠷ ᠳᠠᠮᠵᠢᠨ ᠤᠰᠤ ᠠᠷᠪᠢᠯᠠᠬᠤ | ᠮᠠᠶ᠋ᠢᠭ ᠤᠨ ᠲᠠᠷᠢᠶᠠᠯᠠᠩ ᠤᠨ ᠰᠢᠰᠲ᠋ᠧᠮᠵᠢ ᠶᠢ ᠴᠣᠭᠴᠠᠯᠠᠨ ᠪᠠᠶᠢᠭᠤᠯᠤᠨ᠎ᠠ᠄ ᠨᠢᠭᠡ ᠳᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠣᠭᠴᠠᠯᠠᠨ ᠪᠠᠶᠢᠭᠤᠯᠬᠤ ᠳᠤ ᠢᠳᠡᠪᠬᠢᠲᠡᠢ | ᠣᠷᠣᠯᠴᠠᠵᠤ᠂ ᠲᠠᠷᠢᠶᠠᠨ ᠭᠠᠵᠠᠷ ᠤᠨ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ | ᠤᠰᠤᠯᠠᠯᠲᠠ ᠶᠢᠨ ᠬᠢᠭᠡᠳ ᠤᠰᠤ ᠵᠠᠯᠠᠬᠤ ᠪᠡᠯᠡᠳᠬᠡᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠤᠰᠤᠨ ᠤ ᠡᠬᠢ | ᠰᠤᠷᠪᠤᠯᠵᠢ ᠶᠢᠨ ᠲᠠᠯ᠎ᠠ ᠪᠠᠷ ᠬᠢ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠬᠤᠶᠠᠷ ᠲᠤ ᠲᠥᠮᠥᠰᠥ ᠲᠠᠷᠢᠬᠤ ᠶᠠᠪᠤᠴᠠ ᠳᠤ ᠪᠡᠯᠡ ᠮᠥᠩᠭᠦ ᠣᠷᠣᠭᠤᠯᠵᠤ᠂ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ ᠮᠡᠷᠭᠡᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠬᠡᠷᠡᠭᠲᠡᠢ᠃ᠮᠦ ᠪᠦᠷᠢ ᠶᠢᠨ ᠳᠤᠮᠳᠠᠴᠢ | ᠤᠰᠤᠯᠠᠯᠲᠠ ᠶᠢᠨ ᠬᠡᠮᠵᠢᠶ᠎ᠡ ᠶᠢ 300 ᠲᠤᠨ ᠣᠷᠴᠢᠮ ᠳᠤ ᠬᠢᠵᠠᠭᠠᠷᠯᠠᠵᠤ᠂ ᠤᠯᠠᠮᠵᠢᠯᠠᠯᠲᠤ ᠵᠠᠭᠪᠤᠷᠠ᠋ᠴᠠ ᠤᠰᠤ ᠠᠷᠪᠢᠯᠠᠬᠤ | 30% ᠶᠢ ᠪᠡᠶᠡᠯᠡᠭᠦᠯᠦᠨ᠎ᠡ ;ᠲᠠᠷᠢᠮᠠᠯ ᠤᠨ ᠵᠠᠭᠪᠤᠷ ᠲᠤ ᠰᠢᠨ᠎ᠡ ᠶᠢ ᠡᠭᠦᠳᠴᠦ᠂ 《 1/3 ᠤᠰᠤᠯᠠᠯᠲᠠ+ 2/3 ᠬᠠᠭᠤᠷᠠᠢ | ᠲᠠᠷᠢᠶ᠎ᠠ 》 ᠡᠭᠡᠯᠵᠢᠯᠡᠨ ᠲᠠᠷᠢᠬᠤ ᠵᠠᠭᠪᠤᠷ ᠢ ᠰᠢᠨ᠎ᠡ ᠪᠠᠷ ᠬᠡᠷᠡᠭᠵᠢᠭᠦᠯᠵᠦ᠂ ᠳᠥᠷᠪᠡᠳ ᠬᠤᠰᠢᠭᠤᠨ ᠤ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠲᠤ ᠤᠰᠤ ᠠᠷᠪᠢᠯᠠᠬᠤ ᠪᠠᠨ 70% ᠠᠴᠠ ᠳᠡᠭᠡᠭᠰᠢ ᠪᠡᠶᠡᠯᠡᠭᠦᠯᠦᠨ᠎ᠡ᠃ᠭᠤᠷᠪᠠ ᠳᠤ ᠤᠰᠤᠯᠠᠯᠲᠠ ᠶᠢᠨ | ᠲᠥᠬᠦᠭᠡᠷᠦᠮᠵᠢ ᠳᠡᠭᠡᠷ᠎ᠡ᠂ ᠺᠣᠮᠫᠠᠨᠢ ᠠᠴᠠ ᠭᠠᠳᠠᠭᠠᠳᠤ ᠠᠴᠠ ᠣᠷᠣᠭᠤᠯᠬᠤ ᠲᠣᠰᠤᠯᠭᠠᠨ ᠤᠰᠤᠯᠠᠬᠤ ᠬᠤᠭᠤᠯᠠᠢ ᠶᠢ | ᠰᠣᠩᠭᠤᠨ ᠬᠡᠷᠡᠭᠯᠡᠵᠦ ᠡᠩ ᠤᠨ ᠨᠣᠣᠰᠣᠨ ᠬᠤᠭᠤᠯᠠᠢ ᠶᠢ ᠣᠷᠣᠯᠠᠭᠤᠯᠤᠨ᠎ᠠ᠂ ᠪᠣᠳᠠᠲᠠᠢ ᠬᠡᠮᠵᠢᠨ ᠪᠣᠳᠣᠭᠰᠠᠨ ᠢᠶᠠᠷ᠂ | ᠭᠠᠳᠠᠭᠠᠳᠤ ᠠᠴᠠ ᠣᠷᠣᠭᠤᠯᠬᠤ ᠲᠣᠰᠤᠯᠭᠠᠨ ᠤᠰᠤᠯᠠᠬᠤ ᠬᠤᠭᠤᠯᠠᠢ ᠨᠢ 20% ︱ 30% ᠪᠠᠷ ᠤᠰᠤ ᠠᠷᠪᠢᠯᠠᠵᠤ᠂ | ᠤᠰᠤᠨ ᠤ ᠡᠬᠢ ᠪᠠᠶᠠᠯᠢᠭ ᠤᠨ ᠪᠦᠷᠢᠯᠳᠦᠯ ᠢ ᠲᠦᠢᠯ ᠤᠨ ᠶᠡᠭᠡ ᠪᠠᠷ ᠪᠠᠭᠠᠰᠬᠠᠵᠤ᠂ ᠦᠢᠯᠡᠳᠪᠦᠷᠢᠯᠡᠯ ᠤᠨ ᠥᠪᠡᠷ ᠤᠨ | ᠥᠷᠲᠡᠭ ᠢ ᠦᠨᠡᠨᠬᠦ ᠪᠠᠭᠤᠷᠠᠭᠤᠯᠤᠭᠰᠠᠨ ᠪᠠᠶᠢᠨ᠎ᠠ᠃ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠬᠦ ᠪᠠᠷ | ᠳᠠᠮᠵᠢᠨ᠂ ᠦᠢᠯᠡᠳᠪᠦᠷᠢᠯᠡᠯ ᠢ ᠪᠠᠲᠤᠯᠠᠬᠤ ᠶᠢᠨ ᠬᠠᠮᠲᠤ ᠤᠰᠤᠨ ᠤ ᠡᠬᠢ ᠪᠠᠶᠠᠯᠢᠭ ᠤᠨ 《 ᠥᠷᠲᠡᠭ ᠨᠡᠮᠡᠭᠳᠡᠯ ᠤᠨ | ᠣᠷᠣᠨ ᠵᠠᠢ 》 ᠶᠢ ᠰᠤᠯᠠᠯᠠᠨ ᠲᠠᠯᠪᠢᠬᠤ ᠶᠢ ᠪᠡᠶᠡᠯᠡᠭᠦᠯᠵᠦ᠂ ᠠᠵᠤ ᠠᠬᠤᠶᠢᠯᠠᠯ ᠳᠤ ᠤᠰᠤ ᠬᠡᠷᠡᠭᠯᠡᠬᠦ ᠥᠪᠡᠷ ᠤᠨ | ᠥᠷᠲᠡᠭ ᠢ ᠶᠡᠬᠡᠬᠡᠨ ᠠᠷᠪᠢᠯᠠᠵᠠᠢ᠃ | | | | | ᠰᠢᠨ᠎ᠡ ᠶᠢ ᠪᠦᠲᠦᠭᠡᠬᠦ ᠴᠤᠪᠤᠷᠠᠯ ᠠᠷᠭ᠎ᠠ ᠬᠡᠮᠵᠢᠶ᠎ᠡ ᠨᠦᠭᠦᠳ᠂ ᠬᠥᠳᠡᠭᠡ ᠠᠵᠤ ᠠᠬᠤᠢ ᠨᠢ ᠤᠰᠤᠨ ᠤ ᠪᠠᠶᠠᠯᠢᠭ ᠢ | ᠥᠨᠳᠥᠷ ᠦᠷ᠎ᠡ ᠠᠰᠢᠭ ᠲᠠᠢ ᠡᠷᠴᠢᠮᠵᠢᠭᠦᠯᠦᠨ ᠠᠰᠢᠭᠯᠠᠬᠤ ᠶᠢ ᠪᠡᠶᠡᠯᠡᠭᠦᠯᠦᠭᠰᠡᠨ ᠲᠡᠳᠦᠢ ᠦᠭᠡᠢ᠂ ᠨᠡᠩ ᠴᠤ 《 ᠤᠰᠤ | ᠬᠡᠮᠨᠡᠵᠦ ᠦᠷ᠎ᠡ ᠥᠭᠭᠦᠭᠡᠴᠢ ᠶᠢ ᠨᠡᠮᠡᠭᠳᠡᠭᠦᠯᠬᠦ 》 ᠥᠪᠡᠷᠮᠢᠴᠡ ᠬᠥᠭᠵᠢᠯ ᠤᠨ ᠵᠠᠮ ᠢ ᠬᠠᠶᠢᠨ ᠭᠠᠷᠭᠠᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠬᠤ ᠶᠢᠨ ᠬᠠᠮᠲᠤ᠂ | ᠠᠵᠤ ᠠᠬᠤᠶᠢᠯᠠᠯ ᠤᠨ ᠤᠰᠤ ᠬᠡᠷᠡᠭᠯᠡᠬᠦ ᠥᠪᠡᠷ ᠤᠨ ᠥᠷᠲᠡᠭ ᠢ ᠢᠯᠡᠳᠲᠡ ᠪᠠᠭᠤᠷᠠᠭᠤᠯᠵᠤ᠂ ᠤᠰᠤᠨ ᠤ ᠡᠬᠢ | ᠪᠠᠶᠠᠯᠢᠭ ᠤᠨ ᠠᠵᠤ ᠠᠬᠤᠢ ᠶᠢᠨ ᠦᠨ᠎ᠡ ᠥᠷᠲᠡᠭ ᠪᠣᠯᠤᠨ ᠠᠮᠢ ᠠᠬᠤᠢ ᠶᠢᠨ ᠦᠨ᠎ᠡ ᠥᠷᠲᠡᠭ ᠢ ᠳᠠᠪᠬᠤᠷ ᠲᠠᠯᠪᠢᠵᠤ᠂ | ᠲᠠᠷᠢᠶᠠᠯᠠᠩ ᠤᠨ ᠪᠣᠬᠢᠷᠲᠤᠯ ᠥᠬᠡᠢ ᠦᠷᠭᠦᠯᠵᠢᠯᠡᠨ ᠬᠥᠭᠵᠢᠬᠦ ᠳᠤ ᠠᠮᠢᠳᠤᠯᠢᠭ ᠦᠢᠯᠡᠳᠦᠯᠭᠡ ᠬᠠᠩᠭᠠᠭᠰᠠᠨ ᠪᠠᠶᠢᠨ᠎ᠠ᠃ | ᠳᠤᠮᠳᠠᠳᠤ ᠺᠠᠨᠠᠳᠠ ᠶᠢᠨ ᠦᠢᠯᠡᠳᠪᠦᠷᠢᠯᠡᠯ ᠤᠨ ᠬᠢᠨᠠᠨ ᠪᠠᠶᠢᠴᠠᠭᠠᠭᠴᠢ ᠭᠦᠸᠧ ᡁᠢ ᠶᠠᠩ᠄ 《 ᠵᠢᠷᠭᠤᠭᠠᠨ | ᠠᠵᠢᠯᠯᠠᠭ᠎ᠠ ᠪᠢᠳᠡᠨ ᠳᠤ ᠠᠪᠴᠤ ᠬᠡᠯᠡᠪᠡᠯ ᠥᠷᠢᠰᠥᠯᠳᠦᠭᠡᠨ ᠪᠣᠯᠤᠨ᠎ᠠ᠂ ᠨᠡᠩ ᠴᠦ ᠠᠵᠠ ᠲᠣᠬᠢᠶᠠᠯ ᠪᠣᠯᠤᠨ᠎ᠠ 》 ᠭᠡᠵᠦ | ᠬᠡᠯᠡᠪᠡ᠃ ᠤᠰᠤ ᠠᠷᠪᠢᠯᠠᠬᠤ ᠨᠢ ᠲᠥᠷᠥ ᠶᠢᠨ ᠪᠣᠳᠣᠯᠭ᠎ᠠ ᠶᠢᠨ ᠣᠷᠢᠶᠠᠯᠭ᠎ᠠ ᠶᠢ ᠳᠠᠭᠠᠬᠤ ᠮᠥᠷᠲᠡᠭᠡᠨ ᠨᠡᠩ ᠴᠤ ᠠᠵᠤ | ᠠᠬᠤᠶᠢᠯᠠᠯ ᠤᠨ ᠥᠪᠡᠷ ᠤᠨ ᠥᠷᠲᠡᠭ ᠢᠶᠠᠨ ᠪᠠᠭᠤᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ᠂ ᠦᠷᠭᠦᠯᠵᠢᠯᠡᠨ | ᠬᠥᠭᠵᠢᠬᠦ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠃ ᠢᠷᠡᠭᠡᠳᠦᠢ ᠳᠤ᠂ ᠪᠢᠳᠡ ᠤᠰᠤ ᠠᠷᠪᠢᠯᠠᠬᠤ | ᠮᠡᠷᠭᠡᠵᠢᠯ ᠤᠨ ᠬᠡᠷᠡᠭᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠵᠢᠷᠤᠭ ᠢ ᠲᠠᠰᠤᠷᠠᠯᠲᠠ ᠦᠭᠡᠢ | ᠥᠷᠭᠡᠳᠬᠡᠵᠦ᠂ ᠲᠥᠮᠥᠰᠥ ᠶᠢᠨ ᠪᠦᠬᠦ ᠠᠵᠤ ᠦᠢᠯᠡᠰ ᠤᠨ ᠬᠡᠯᠬᠢᠶᠡᠵᠢᠯ ᠢ ᠪᠣᠬᠢᠷᠲᠤᠯ ᠦᠭᠡᠢ᠂ ᠥᠨᠳᠥᠷ ᠦᠷ᠎ᠡ | ᠪᠦᠲᠦᠮᠵᠢᠲᠡᠢ ᠬᠥᠭᠵᠢᠭᠦᠯᠬᠦ ᠶᠢ ᠠᠬᠢᠭᠤᠯᠵᠤ᠂ ᠥᠪᠥᠷ ᠮᠣᠩᠭᠤᠯ ᠤᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ | ᠬᠤᠪᠢ ᠨᠡᠮᠡᠷᠢ ᠦᠵᠡᠭᠦᠯᠬᠦ ᠶᠢᠨ ᠲᠥᠯᠥᠭᠡ ᠬᠦᠴᠦᠨ ᠨᠡᠮᠡᠨ᠎ᠡ ᠭᠡᠵᠦ ᠬᠡᠯᠡᠪᠡ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | |