ᠣᠶᠤᠨᠴᠢ ᠷᠠᠳᠢᠤ ᠲᠧᠯᠸᠢᠰ ᠰᠦᠯᠵᠢᠶ᠎ᠡ ᠨᠢ ᠮᠠᠯᠴᠢᠳ ᠤᠨ ᠠᠮᠢᠳᠤᠷᠠᠯ ᠳᠤ ᠥᠩᠭᠡ ᠨᠡᠮᠡᠷᠢᠯᠡᠨᠡᠮ | | ᠣᠶᠤᠨᠴᠢ ᠷᠠᠳᠢᠣ ᠲᠧᠯᠸᠢᠰ ᠤᠨ ᠥᠷᠭᠡᠨ ᠪᠦᠰᠡᠲᠦ ᠰᠦᠯᠵᠢᠶ᠎ᠡ ᠶᠢᠨ ᠪᠦᠷᠬᠦᠯᠲᠡ ᠬᠢᠭᠡᠳ ᠦᠢᠯᠡᠴᠢᠯᠡᠭᠡᠨ ᠤ | ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠮᠠᠨ ᠤ ᠬᠤᠰᠢᠭᠤᠨ ᠤ ᠮᠠᠯᠵᠢᠬᠤ ᠣᠷᠣᠨ ᠤ | ᠷᠠᠳᠢᠣ ᠲᠧᠯᠸᠢᠰ ᠬᠢᠭᠡᠳ ᠥᠷᠭᠡᠨ ᠪᠦᠰᠡᠲᠦ ᠰᠦᠯᠵᠢᠶᠡᠨ ᠳᠤ ᠭᠠᠷᠬᠤ ᠦᠢᠯᠡᠴᠢᠯᠡᠭᠡ ᠶᠢᠨ ᠶᠡᠷᠦᠩᠬᠡᠶᠢᠯᠡᠭᠰᠡᠨ | ᠪᠦᠷᠬᠦᠯᠲᠡ ᠶᠢ ᠪᠡᠶᠡᠯᠡᠭᠦᠯᠪᠡ᠃ | 《ᠣᠶᠤᠨᠴᠢ ᠷᠠᠳᠢᠣ ᠲᠧᠯᠸᠢᠰ》ᠰᠦᠯᠵᠢᠶ᠎ᠡ ᠨᠢ ᠥᠷᠭᠡᠨ ᠣᠯᠠᠨ ᠮᠠᠯᠴᠢᠨ ᠲᠠᠷᠢᠶᠠᠴᠢᠳ ᠲᠤ ᠲᠣᠳᠣ | ᠲᠧᠯᠸᠢᠰ ᠨᠡᠪᠲᠡᠷᠡᠭᠦᠯᠭᠡ ᠶᠢ ᠬᠦᠯᠢᠶᠡᠨ ᠠᠪᠴᠤ ᠴᠢᠳᠠᠬᠤ ᠪᠠᠷ ᠪᠠᠷᠠᠬᠤ ᠦᠭᠡᠢ᠂ ᠪᠠᠰᠠ ᠲᠥᠷᠥ ᠶᠢᠨ | ᠪᠣᠳᠣᠯᠭ᠎ᠠ ᠶᠢᠨ ᠪᠣᠯᠪᠠᠰᠤᠷᠠᠯ᠂ ᠰᠣᠶᠣᠯ ᠰᠤᠷᠭᠠᠨ ᠬᠥᠮᠦᠵᠢᠯ᠂ ᠬᠠᠤᠯᠢ ᠴᠠᠭᠠᠵᠠ ᠶᠢᠨ ᠲᠦᠭᠡᠮᠡᠯᠵᠢᠯᠲᠡ᠂ ᠡᠮ | ᠡᠮᠨᠡᠯᠭᠡ ᠶᠢᠨ ᠦᠢᠯᠡᠴᠢᠯᠡᠭᠡ ᠵᠡᠷᠭᠡ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠬᠦᠷᠲᠡᠬᠦ ᠪᠣᠯᠤᠨ᠎ᠠ᠂ | ᠡᠭᠦᠨ ᠤ ᠬᠠᠮᠲᠤ ᠷᠠᠳᠢᠣ ᠨᠡᠪᠲᠡᠷᠡᠭᠦᠯᠭᠡ᠂ ᠲᠧᠯᠸᠢᠰ᠂ ᠲᠣᠣᠷ ᠰᠦᠯᠵᠢᠶ᠎ᠡ ᠶᠢᠨ ᠳᠠᠮᠵᠢᠭᠤᠯᠭ᠎ᠠ ᠶᠢᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠪᠤᠶᠢᠳᠠ ᠪᠥᠭᠯᠡᠭᠦᠦ ᠭᠠᠵᠠᠷ ᠣᠷᠣᠨ ᠤ ᠥᠷᠭᠡᠨ ᠣᠯᠠᠨ ᠮᠠᠯᠴᠢᠨ ᠲᠠᠷᠢᠶᠠᠴᠢᠳ ᠲᠤ | ᠡᠯᠪᠡᠭ ᠪᠠᠶᠠᠯᠢᠭ ᠠᠭᠤᠯᠭ᠎ᠠ ᠲᠠᠢ᠂ ᠥᠨᠳᠥᠷ ᠦᠷ᠎ᠡ ᠪᠦᠲᠦᠮᠵᠢᠲᠡᠢ ᠳᠥᠭᠦᠮ ᠲᠦᠳᠡ᠂ ᠠᠮᠤᠷ ᠲᠦᠪᠰᠢᠨ | ᠨᠠᠶᠢᠳᠠᠪᠤᠷᠢᠲᠠᠢ 《ᠣᠶᠤᠨᠴᠢ ᠷᠠᠳᠢᠣ ᠲᠧᠯᠸᠢᠰ》 ᠰᠦᠯᠵᠢᠶ᠎ᠡ ᠬᠠᠩᠭᠠᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠰᠤᠷᠤᠨ᠎ᠠ ᠪᠠᠶᠠᠰᠬᠤᠯᠠᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |