ᠮᠠᠨ ᠤ ᠬᠤᠰᠢᠭᠤ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠠᠶᠢᠭᠤᠯᠤᠯᠲᠠ ᠶᠢ ᠲᠦᠷᠭᠡᠳᠬᠡᠨ᠎ᠡ
ᠨᠡᠶᠢᠲᠡᠯᠡᠭᠰᠡᠨ ᠴᠠᠭ᠄
2025/4/14
      ᠮᠠᠨ ᠤ ᠬᠤᠰᠢᠭᠤ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠠᠶᠢᠭᠤᠯᠤᠯᠲᠠ ᠶᠢ ᠲᠦᠷᠭᠡᠳᠬᠡᠨ᠎ᠡ               ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠲᠦᠷᠭᠡᠨ ᠲᠦᠭᠡᠮᠡᠯᠵᠢᠬᠦ ᠶᠢᠨ  ᠬᠠᠷᠠᠭ᠎ᠠ᠂ ᠴᠠᠬᠢᠯᠭᠠᠨ ᠴᠡᠨᠡᠭᠯᠡᠬᠦ ᠪᠤᠬᠢᠷᠳᠤᠯ ᠦᠭᠡᠢ ᠵᠣᠷᠴᠢᠬᠤ ᠨᠢ ᠣᠯᠠᠨ ᠲᠦᠮᠡᠨ ᠳᠤ ᠳᠥᠭᠦᠮ ᠲᠦᠳᠡ ᠲᠥᠷᠥᠭᠳᠡᠯ ᠣᠯᠭᠤᠵᠤ ᠪᠠᠶᠢᠨ᠎ᠠ᠃       ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠬᠠᠩᠭᠠᠬᠤ ᠶᠢᠨ ᠲᠤᠰᠠᠳᠠ᠂ ᠤᠯᠠᠭᠠᠨᠴᠠᠪ ᠤᠨ ᠴᠠᠬᠢᠯᠭᠠᠨ ᠬᠠᠩᠭᠠᠬᠤ ᠺᠣᠮᠫᠠᠨᠢ ᠶᠢᠨ ᠳᠥᠷᠪᠡᠳ ᠬᠤᠪᠢᠶᠠᠷᠢ ᠺᠣᠮᠫᠠᠨᠢ 2024 ᠣᠨ ᠤ 5 ᠰᠠᠷ᠎ᠠ ᠳᠤ ᠤᠯᠠᠭᠠᠨᠬᠤᠸᠠ ᠪᠠᠯᠭᠠᠰᠤ ᠵᠢᠴᠢ ᠡᠷᠭᠢᠨ ᠲᠣᠭᠤᠷᠢᠨ ᠤ ᠭᠠᠵᠠᠷ ᠣᠷᠣᠨ ᠳᠤ 20 ᠭᠠᠷᠤᠢ ᠴᠠᠬᠢᠯᠭᠠᠨ ᠴᠡᠨᠡᠭᠯᠡᠬᠦ ᠥᠷᠲᠡᠭᠡ ᠪᠠᠶᠢᠭᠤᠯᠵᠤ᠂ ᠴᠠᠬᠢᠯᠭᠠᠨ ᠴᠡᠨᠡᠭᠯᠡᠬᠦ ᠰᠦᠯᠵᠢᠶ᠎ᠡ ᠶᠢ ᠥᠪᠴᠢ ᠪᠦᠷᠬᠦᠭᠦᠯᠵᠦ ᠪᠠᠶᠢᠨ᠎ᠠ᠃       ᠣᠶᠢᠯᠠᠭᠠᠭᠰᠠᠨ ᠢᠶᠠᠷ᠂ ᠡᠨᠡ ᠵᠢᠯ ᠰᠢᠨ᠎ᠡ ᠪᠠᠷ 15 ᠴᠠᠬᠢᠯᠭᠠᠨ ᠴᠡᠨᠡᠭᠯᠡᠬᠦ ᠪᠠᠭᠠᠨ᠎ᠠ ᠨᠡᠮᠡᠵᠦ ᠪᠠᠶᠢᠭᠤᠯᠬᠤ ᠪᠠᠷ ᠲᠥᠯᠥᠪᠯᠡᠵᠦ ᠪᠠᠶᠢᠬᠤ ᠪᠥᠭᠡᠳ ᠮᠠᠯᠵᠢᠬᠤ ᠲᠠᠷᠢᠶᠠᠯᠠᠬᠤ ᠣᠷᠣᠨ ᠳᠤ ᠭᠡᠷ ᠪᠦᠯᠢ ᠶᠢᠨ ᠬᠢᠨ ᠴᠠᠬᠢᠯᠭᠠᠨ ᠴᠡᠨᠡᠭᠯᠡᠬᠦ ᠪᠠᠭᠠᠨ᠎ᠠ ᠶᠢ ᠬᠠᠮᠲᠤᠪᠠᠷ ᠡᠳ᠋ᠯᠡᠬᠦ ᠶᠢ ᠳᠡᠯᠭᠡᠷᠡᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠶᠢ ᠵᠣᠷᠢᠭᠵᠢᠭᠤᠯᠬᠤ ᠪᠠᠷ ᠪᠠᠶᠢᠨ᠎ᠠ᠃《 ᠴᠠᠬᠢᠯᠭᠠᠨ ᠴᠡᠨᠡᠭᠯᠡᠬᠦ ᠵᠣᠪᠠᠨᠢᠯ 》 ᠶᠢ ᠰᠢᠢᠳᠪᠦᠷᠢᠯᠡᠬᠦ ᠠᠴᠠ ᠠᠵᠤ ᠦᠢᠯᠡᠰ ᠤᠨ ᠬᠥᠭᠵᠢᠯᠲᠡ ᠬᠦᠷᠲᠡᠯ᠎ᠡ᠂ ᠳᠥᠷᠪᠡᠳ ᠬᠤᠰᠢᠭᠤᠨ ᠤ ᠴᠠᠬᠢᠯᠭᠠᠨ ᠴᠡᠨᠡᠭᠯᠡᠬᠦ ᠪᠠᠭᠠᠨ᠎ᠠ ᠶᠠᠭ ᠬᠤᠲᠠ ᠬᠥᠳᠡᠭᠡ ᠶᠢᠨ ᠪᠣᠬᠢᠷᠲᠤᠯ ᠦᠭᠡᠢ ᠶᠠᠪᠤᠵᠤ ᠰᠠᠭᠤᠬᠤ ᠰᠢᠰᠲ᠋ᠧᠮ ᠤᠨ ᠲᠡᠭᠦᠯᠳᠡᠷᠵᠢᠬᠦ ᠶᠢ ᠳᠠᠭᠠᠯᠳᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠦᠵᠡᠮᠵᠢ ᠶᠢ ᠵᠢᠷᠤᠭᠯᠠᠵᠤ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄ ᠭᠡᠭᠡᠨᠲᠡᠨ᠎ᠡ     ᠬᠦᠰᠡᠯᠡᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2