ᠳᠥᠷᠪᠡᠳ ᠬᠤᠰᠢᠭᠤᠨ ᠤ ᠨᠣᠮ ᠤᠨ ᠰᠠᠩ ᠡᠩᠬᠡ ᠲᠠᠢᠪᠤᠩ ᠵᠠᠮ ᠤᠨ ᠨᠡᠢᠭᠡᠮ ᠲᠣᠭᠤᠷᠢᠭ ᠤᠨ ᠬᠤᠪᠢᠶᠠᠷᠢ | ᠣᠷᠳᠣᠨ ᠣᠯᠠᠨ ᠨᠡᠢᠲᠡ ᠶᠢᠨ ᠰᠣᠶᠣᠯ ᠤᠨ ᠦᠢᠯᠡᠴᠢᠯᠡᠭᠡ ᠶᠢ ᠳᠡᠰ ᠳᠡᠪᠰᠢᠭᠦᠯᠬᠦ ᠳᠤ ᠬᠦᠴᠦᠨ ᠨᠡᠮᠡᠷᠢᠯᠡᠭᠰᠡᠨ | | ᠤᠶᠢᠷ᠎ᠠ ᠳᠤ᠂ ᠳᠥᠷᠪᠡᠳ ᠬᠤᠰᠢᠭᠤᠨ ᠤ ᠨᠣᠮ ᠤᠨ ᠰᠠᠩ ᠤᠨ ᠡᠩᠬᠡ ᠲᠠᠢᠪᠤᠩ ᠵᠠᠮ ᠤᠨ ᠨᠡᠢᠭᠡᠮ | ᠲᠣᠭᠤᠷᠢᠭ ᠤᠨ ᠬᠤᠪᠢᠶᠠᠷᠢ ᠣᠷᠳᠣᠨ ᠵᠢᠩᠬᠢᠨᠢ ᠪᠠᠷ ᠪᠠᠢᠭᠤᠯᠤᠭᠳᠠᠵᠤ᠂ ᠣᠯᠠᠨ ᠨᠡᠢᠲᠡ ᠶᠢᠨ ᠰᠣᠶᠣᠯ ᠤᠨ ᠡᠬᠢ | ᠪᠠᠶᠠᠯᠢᠭ ᠢ ᠬᠠᠮᠲᠤᠪᠠᠷ ᠪᠠᠢᠭᠤᠯᠤᠨ ᠬᠠᠮᠲᠤᠪᠠᠷ ᠡᠳ᠋ᠯᠡᠬᠦ ᠶᠢ ᠨᠡᠩ ᠳᠥᠭᠦᠮ ᠲᠦᠳᠡ ᠠᠬᠢᠭᠤᠯᠵᠤ᠂ ᠣᠯᠠᠨ ᠲᠦᠮᠡᠨ ᠤ | ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠭᠰᠠᠨ ᠪᠠᠢᠨ᠎ᠠ᠃ | | | | | ᠾᠧ ᠫᠢᠩ ᠵᠠᠮ ᠤᠨ ᠨᠡᠶᠢᠭᠡᠮ ᠲᠣᠭᠤᠷᠢᠭ ᠤᠨ ᠬᠤᠪᠢᠶᠠᠷᠢ ᠣᠷᠳᠣᠨ ᠳᠤ ᠣᠷᠣᠬᠤ ᠳᠤ᠂ ᠨᠣᠮ ᠤᠨ | ᠲᠠᠯᠪᠢᠭᠤᠷ ᠳᠡᠭᠡᠷ᠎ᠡ ᠡᠯ᠎ᠡ ᠲᠦᠷᠦᠯ ᠤᠨ ᠨᠣᠮ ᠪᠢᠴᠢᠭ ᠨᠢᠳᠦ ᠳᠦᠭᠦᠷᠡᠩ ᠬᠠᠷᠠᠭᠳᠠᠨ᠎ᠠ᠃ ᠰᠠᠭᠤᠭᠠᠯᠢ ᠠᠷᠠᠳ ᠪᠤᠶᠤ | ᠪᠢᠴᠢᠭ ᠤᠨ ᠰᠢᠷᠡᠭᠡᠨ ᠳᠤ ᠰᠠᠭᠤᠵᠤ᠂ ᠤᠳᠬ᠎ᠠ ᠵᠣᠬᠢᠶᠠᠯ ᠤᠨ ᠠᠯᠳᠠᠷᠲᠤ ᠰᠠᠶᠢᠬᠠᠨ ᠳᠡᠯᠡᠬᠡᠢ ᠶᠢᠷᠲᠢᠨᠴᠦ ᠳᠤ | ᠰᠣᠭᠲᠣᠭᠤᠷᠠᠵᠤ᠂ ᠡᠰᠡᠬᠦᠯ᠎ᠡ ᠥᠨᠴᠥᠭ ᠪᠤᠯᠤᠩ ᠳᠤ ᠲᠦᠰᠢᠭᠯᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠤᠩᠰᠢᠬᠤ ᠪᠢᠴᠢᠭ ᠢ ᠤᠷᠪᠠᠭᠤᠯᠤᠨ ᠦᠵᠡᠵᠦ ᠦᠯᠦ ᠮᠡᠳᠡᠬᠦ ᠨᠢᠭᠤᠴᠠ ᠶᠢ ᠡᠷᠢᠯᠬᠢᠯᠡᠵᠦ᠂ ᠭᠠᠵᠠᠷ ᠪᠣᠯᠭᠠᠨ ᠳᠤ | ᠭᠦᠨ ᠵᠤᠵᠠᠭᠠᠨ ᠮᠡᠳᠡᠯᠭᠡ ᠰᠤᠷᠬᠤ ᠠᠭᠤᠷ ᠠᠮᠢᠰᠬᠤᠯ ᠢ ᠪᠦᠷᠬᠦᠵᠦ᠂ ᠪᠦᠬᠦ ᠠᠷᠠᠳ ᠤᠨ ᠤᠩᠰᠢᠯᠭ᠎ᠠ ᠶᠢᠨ ᠰᠠᠶᠢᠨ | ᠰᠠᠶᠢᠬᠠᠨ ᠵᠢᠷᠤᠭ ᠶᠠᠭ ᠠᠯᠭᠤᠷᠬᠠᠨ ᠳᠡᠯᠭᠡᠭᠳᠡᠪᠡ᠃ | | | | | ᠳᠥᠷᠪᠡᠳ ᠬᠤᠰᠢᠭᠤᠨ ᠤ ᠨᠣᠮ ᠤᠨ ᠰᠠᠩ ᠳᠤ ᠪᠠᠭᠠᠴᠤᠳ ᠤᠨ ᠤᠩᠰᠢᠯᠭ᠎ᠠ ᠶᠢᠨ ᠲᠣᠭᠤᠷᠢᠭ᠂ ᠨᠠᠰᠤᠨ ᠳᠤ | ᠬᠦᠷᠦᠭᠰᠡᠳ ᠤᠨ ᠤᠩᠰᠢᠯᠭ᠎ᠠ ᠶᠢᠨ ᠲᠣᠭᠤᠷᠢᠭ᠂ ᠡᠯᠧᠺᠳ᠋ᠷᠣᠨ ᠤᠩᠰᠢᠯᠭ᠎ᠠ ᠶᠢᠨ ᠲᠣᠭᠤᠷᠢᠭ ᠵᠡᠷᠭᠡ ᠣᠯᠠᠨ | ᠴᠢᠳᠠᠮᠵᠢᠲᠤ ᠣᠷᠣᠨ ᠪᠦᠰᠡ ᠭᠠᠷᠭᠠᠵᠤ᠂ ᠨᠣᠮ ᠤᠨ ᠰᠠᠩ ᠳᠤ ᠨᠣᠮ ᠪᠢᠴᠢᠭ ᠡᠯᠪᠡᠭ ᠪᠠᠶᠠᠯᠢᠭ ᠪᠠᠶᠢᠵᠤ᠂ ᠴᠠᠭ ᠤᠨ | ᠶᠠᠪᠤᠳᠠᠯ᠂ ᠨᠡᠶᠢᠭᠡᠮ ᠤᠨ ᠰᠢᠨᠵᠢᠯᠡᠬᠦ ᠤᠬᠠᠭᠠᠨ᠂ ᠤᠳᠬ᠎ᠠ ᠵᠣᠬᠢᠶᠠᠯ᠂ ᠤᠷᠠᠯᠢᠭ᠂ ᠠᠮᠢᠳᠤᠷᠠᠯ ᠵᠡᠷᠭᠡ ᠶᠢ ᠬᠠᠮᠤᠷᠴᠤ | ᠪᠠᠶᠢᠳᠠᠭ᠃ ᠡᠾᠧ ᠫᠢᠩ ᠵᠠᠮ ᠤᠨ ᠨᠡᠶᠢᠭᠡᠮ ᠲᠣᠭᠤᠷᠢᠭ ᠤᠨ ᠬᠤᠪᠢᠶᠠᠷᠢ ᠣᠷᠳᠣᠨ ᠬᠤᠰᠢᠭᠤᠨ ᠤ ᠨᠣᠮ ᠤᠨ | ᠰᠠᠩ ᠲᠠᠢ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠨᠣᠮ ᠪᠢᠴᠢᠭ ᠢᠶᠠᠨ | ᠰᠢᠨᠡᠳᠬᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠡᠯᠪᠡᠭ ᠪᠠᠶᠠᠯᠢᠭ ᠤᠩᠰᠢᠯᠭ᠎ᠠ ᠶᠢᠨ ᠡᠬᠢ ᠪᠠᠶᠠᠯᠢᠭ | ᠬᠠᠩᠭᠠᠵᠤ᠂ ᠠᠳᠠᠯᠢ ᠪᠤᠰᠤ ᠨᠠᠰᠤ᠂ ᠠᠳᠠᠯᠢ ᠪᠤᠰᠤ ᠳᠤᠷ᠎ᠠ ᠰᠣᠨᠢᠷᠬᠠᠯ ᠲᠠᠢ ᠰᠠᠭᠤᠭᠠᠯᠢ ᠠᠷᠠᠳ ᠤᠨ | ᠤᠩᠰᠢᠯᠭ᠎ᠠ ᠶᠢᠨ ᠬᠡᠷᠡᠭᠴᠡᠭᠡ ᠶᠢ ᠬᠠᠩᠭᠠᠨ᠎ᠠ᠃ | | | | | ︽ᠮᠢᠨᠦ ᠦᠵᠡᠬᠦ ᠪᠠᠷ ᠨᠣᠮ ᠤᠨ ᠰᠠᠩ ᠪᠢᠳᠡᠨ ᠳᠤ ᠮᠠᠰᠢ ᠲᠠᠭᠠᠯᠠᠮᠵᠢᠲᠠᠶ ᠤᠩᠰᠢᠯᠭ᠎ᠠ ᠶᠢᠨ ᠣᠷᠴᠢᠨ | ᠬᠠᠩᠭᠠᠵᠤ᠂ ᠠᠳᠡᠬᠢ ᠨᠣᠮ ᠪᠢᠴᠢᠭ ᠤᠨ ᠲᠦᠷᠦᠯ ᠵᠦᠢᠯ ᠮᠠᠰᠢ ᠡᠯᠪᠡᠭ᠂ ᠤᠳᠬ᠎ᠠ ᠵᠣᠬᠢᠶᠠᠯ ᠤᠨ ᠪᠦᠲᠦᠭᠡᠯ᠂ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠩᠰᠢᠬᠤ ᠨᠣᠮ ᠪᠢᠴᠢᠭ᠂ ᠪᠡᠶ᠎ᠡ ᠰᠤᠪᠢᠯᠠᠯᠲᠠ ᠶᠢᠨ ᠨᠢᠭᠤᠴᠠ ᠨᠣᠮ ᠨᠢ | ᠪᠠᠶᠢᠬᠤ ᠶᠣᠰᠣᠲᠠᠶ᠂ ᠠᠳᠠᠯᠢ ᠪᠤᠰᠤ ᠤᠩᠰᠢᠯᠭ᠎ᠠ ᠶᠢᠨ ᠬᠡᠷᠡᠭᠴᠡᠭᠡ ᠶᠢ ᠬᠠᠩᠭᠠᠵᠤ᠂ ᠮᠠᠨ ᠤ ᠨᠡᠶᠢᠭᠡᠮ ᠲᠣᠭᠤᠷᠢᠭ ᠲᠤ | ᠮᠠᠰᠢ ᠰᠠᠶᠢᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠵᠤ ᠥᠭᠴᠡᠢ︾ ᠭᠡᠵᠦ ᠡᠩᠬᠡ ᠲᠠᠶᠢᠪᠤᠩ ᠵᠠᠮ ᠤᠨ | ᠨᠡᠶᠢᠭᠡᠮ ᠲᠤᠬᠤᠷᠢᠭ ᠤᠨ ᠰᠠᠬᠤᠬᠠᠯᠢ ᠠᠷᠠᠳ ᠸᠧᠶ ᠵᠢᠩ ᠬᠡᠯᠡᠭᠰᠡᠨ ᠪᠠᠶᠢᠨ᠎ᠠ ᠃ | ᠳᠥᠷᠪᠡᠳ ᠬᠤᠰᠢᠭᠤᠨ ᠤ ᠨᠣᠮ ᠤᠨ ᠰᠠᠩ ᠤᠨ ᠾᠧ ᠫᠢᠩ ᠵᠠᠮ ᠤᠨ ᠨᠡᠶᠢᠭᠡᠮ ᠲᠣᠭᠤᠷᠢᠭ ᠤᠨ ᠬᠤᠪᠢᠶᠠᠷᠢ | ᠣᠷᠳᠣᠨ ᠪᠠᠶᠢᠭᠤᠯᠤᠭᠳᠠᠭᠰᠠᠨ ᠨᠢ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ | ᠤᠷᠲᠤᠳᠬᠠᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠦᠢᠯᠡᠴᠢᠯᠡᠭᠡᠨ ᠤ | ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠴᠢᠨᠠᠷ ᠰᠠᠶᠢᠲᠠᠶ᠂ ᠥᠨᠳᠥᠷ ᠪᠦᠲᠦᠮᠵᠢᠲᠡᠶ | ᠰᠣᠶᠣᠯ ᠤᠨ ᠣᠶᠢᠯᠠᠭᠠᠯᠲᠠ ᠶᠢ ᠠᠪᠴᠢᠷᠠᠵᠤ᠂ ᠳᠥᠷᠪᠡᠳ ᠬᠤᠰᠢᠭᠤᠨ ᠤ ᠣᠯᠠᠨ ᠨᠡᠶᠢᠲᠡ ᠶᠢᠨ ᠰᠣᠶᠣᠯ ᠤᠨ | ᠦᠢᠯᠡᠰ ᠤᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠪᠡ᠃ | ᠡᠾᠧ ᠫᠢᠩ ᠵᠠᠮ ᠤᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠮᠠ ᠰᠢᠨ᠄ ︽ᠪᠢᠳᠡ | ᠨᠣᠮ ᠤᠨ ᠰᠠᠩ ᠲᠠᠢ ᠨᠢᠭᠲᠠ ᠬᠠᠮᠵᠢᠯᠴᠠᠵᠤ᠂ ᠨᠡᠶᠢᠭᠡᠮ ᠲᠣᠭᠤᠷᠢᠭ ᠤᠨ ᠬᠤᠪᠢᠶᠠᠷᠢ ᠣᠷᠳᠣᠨ ᠤ ᠡᠨᠡ ᠬᠦ | ᠲᠠᠪᠴᠠᠩ ᠢ ᠭᠦᠢᠴᠡᠳ ᠰᠠᠶᠢᠲᠤᠷ ᠠᠰᠢᠭᠯᠠᠵᠤ᠂ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠰᠣᠶᠣᠯ ᠤᠨ | ᠬᠡᠷᠡᠭᠴᠡᠭᠡ ᠶᠢ ᠬᠠᠩᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠣᠶᠣᠯ ᠤᠨ ᠬᠡᠪ ᠪᠣᠯᠪᠠᠰᠤᠷᠠᠯ ᠪᠠ | ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ ᠭᠡᠵᠦ ᠢᠯᠡᠳᠬᠡᠪᠡ᠃ ᠨᠡᠶᠢᠭᠡᠮ ᠲᠣᠭᠤᠷᠢᠭ ᠤᠨ | ᠨᠢᠭᠲᠠᠷᠠᠯ ᠤᠨ ᠬᠦᠴᠦᠨ ᠪᠠ ᠬᠠᠷᠢᠶᠠᠯᠠᠭᠳᠠᠬᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ︾ ᠭᠡᠵᠦ | ᠬᠡᠯᠡᠪᠡ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |