ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ | | 4 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠵᠢᠶᠠᠨ ᠫᠢᠩ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ︽ᠬᠤᠶᠠᠷ ᠢ ᠲᠣᠭᠲᠠᠭᠠᠬᠤ︾ | ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠷ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠡᠷᠡᠭᠲᠡᠢ᠃ | ᠬᠤᠷᠠᠯ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ | ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠤᠯᠠᠮᠵᠢᠯᠠᠨ ᠰᠤᠷᠤᠯᠴᠠᠵᠤ᠂ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠯᠤᠰ ᠲᠦᠷᠦᠴᠢ ᠴᠢᠨᠠᠷ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠴᠢ | ᠬᠤᠯᠪᠣᠭᠳᠠᠯ ᠢ ᠭᠦᠨᠵᠡᠭᠡᠢ ᠲᠠᠨᠢᠵᠤ᠂ ᠭᠤᠣᠯ ᠱᠤᠭᠤᠮ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ᠂ | ᠪᠦᠬᠦ ᠶᠠᠪᠤᠴᠠ ᠳᠤ ᠡᠷᠡᠰ ᠭᠤᠶᠢᠪᠢᠰᠢ ᠦᠭᠡᠢ ᠲᠤᠭᠤᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ | ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ 28 ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ | ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠰᠤᠷᠭᠠᠨ ᠬᠥᠮᠦᠵᠢᠭᠦᠯᠵᠦ ᠬᠦᠳᠦᠯᠦᠨ ᠵᠢᠯᠣᠭᠤᠳᠬᠤ ᠶᠢ ᠭᠦᠨᠵᠡᠭᠡᠶᠢᠷᠡᠭᠦᠯᠵᠦ᠂ ᠭᠤᠣᠯ ᠱᠤᠭᠤᠮ ᠤᠨ ᠤᠬᠠᠮᠰᠠᠷ ᠢ | ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ ᠡᠯ᠎ᠡ ᠭᠤᠭᠴᠤᠭ᠎ᠠ ᠳᠤ ᠠᠭᠤᠰᠤᠯᠴᠠᠭᠤᠯᠬᠤ | ᠬᠡᠷᠡᠭᠲᠡᠢ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ | ᠴᠢᠷᠮᠠᠶᠢᠨ ᠡᠭᠦᠳᠴᠦ᠂ ᠭᠤᠤᠯ ᠱᠤᠭᠤᠮ ᠪᠠ ᠴᠢᠨᠠᠷ ᠰᠠᠶᠢᠲᠠᠶ ᠬᠥᠭᠵᠢᠯᠲᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠂ | ᠪᠥᠬᠦ ᠬᠤᠰᠢᠭᠤᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠪᠠ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ | ᠪᠦᠯᠬᠦᠮᠳᠡᠨ ᠲᠡᠮᠡᠴᠡᠬᠦ ᠬᠦᠴᠦᠨ ᠢ ᠨᠢᠭᠲᠠᠷᠠᠭᠤᠯᠬᠤ ᠬᠡᠷᠡᠭᠲᠡᠶ᠃ | ᠬᠤᠷᠠᠯ ᠠᠴᠠ ᠥᠩᠭᠡᠷᠡᠭᠰᠡᠨ ᠵᠢᠯ ᠤᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠪᠣᠯᠤᠨ ᠥᠪᠡᠰᠦᠪᠡᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠦᠨ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠡᠷᠬᠢᠨ ᠬᠠᠷᠠᠬᠤ︾ ᠠᠵᠢᠯ ᠢ ᠯᠠᠪᠳᠠᠭᠤᠨ | ᠪᠠᠲᠤᠲᠠᠶ ᠵᠣᠬᠢᠶᠠᠨ ᠪᠠᠶᠢᠭᠤᠯᠤᠨ ᠥᠷᠨᠢᠭᠦᠯᠵᠦ᠂ ︽ᠤᠷᠢᠳᠠᠪᠠᠷ ᠰᠢᠲᠠᠷ᠎ᠠ︾ ᠶᠢ ᠰᠠᠶᠢᠲᠤᠷ ᠲᠠᠯᠪᠢᠵᠤ᠂ ︽ᠢᠳᠡᠪᠬᠢ | ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤᠨ ᠤ | ᠤᠳᠤᠷᠢᠳᠤᠯᠭ᠎ᠠ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ | ᠴᠠᠷᠠᠭ᠎ᠠ ᠶᠢᠨ ᠢᠶᠠᠨ ᠶᠣᠰᠣᠭᠠᠷ᠂ ᠠᠵᠢᠯ ᠤᠨ ᠭᠤᠣᠯᠳᠠᠯᠭ᠎ᠠ ᠶᠢ ᠠᠳᠬᠤᠵᠤ᠂ ᠨᠢᠭᠡ ᠠᠴᠠ ᠵᠦᠢᠴᠢᠯᠡᠵᠦ ᠨᠦᠬᠦᠭᠡ ᠶᠢ | ᠮᠡᠳᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ | ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ | ᠪᠣᠳᠠᠲᠠᠶᠢᠵᠢᠭᠤᠯᠵᠤ᠂ ᠥᠩᠭᠡᠷᠡᠭᠰᠡᠨ ᠵᠢᠯ ᠤᠳ ᠤᠨ ᠡᠯ᠎ᠡ ᠱᠠᠲᠤᠨ ᠤ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠷᠢᠨ | ᠲᠠᠩᠰᠠ ᠪᠠ ᠠᠬᠢᠴᠠ ᠶᠢᠨ ᠪᠠᠶᠢᠳᠠᠯ ᠢ ᠲᠡᠷᠡ ᠳᠠᠷᠤᠶ ᠳᠤᠨᠢ ᠡᠯ᠎ᠡ ᠬᠠᠷᠢᠭᠤᠴᠠᠯᠭᠠᠲᠤ ᠨᠢᠭᠡᠴᠡ ᠳᠤ ᠮᠡᠳᠡᠭᠳᠡᠵᠦ᠂ ᠦᠨᠡᠨ | ᠪᠣᠳᠠᠲᠠᠶ ᠠᠵᠢᠯ ᠤᠨ ᠦᠷ᠎ᠡ ᠪᠦᠲᠦᠮᠵᠢ ᠪᠠᠷ ᠲᠠᠩᠰᠠ ᠮᠡᠳᠡᠭᠦᠯᠦᠨ ᠲᠠᠩᠰᠠ ᠲᠤᠰᠢᠶᠠᠵᠤ᠂ ᠴᠡᠭᠴᠡᠯᠡᠨ ᠰᠠᠶᠢᠵᠢᠷᠠᠭᠤᠯᠬᠤ ᠶᠢ | ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠬᠤᠷᠠᠯ ᠠᠴᠠ ︽ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ | ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠤᠯᠳᠠᠯᠭ᠎ᠠ︾ ᠪᠠ ︽ᠳᠥᠷᠪᠡᠳ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ | ᠭᠤᠤᠯᠳᠠᠯᠭ᠎ᠠ︾ ᠶᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ |