ᠬᠤᠶᠠᠷ ᠮᠢᠩᠭ᠎ᠠ ᠬᠤᠷᠢᠨ ᠲᠠᠪᠤᠨ ᠣᠨ ᠤ ᠭᠤᠷᠪᠠ ᠶᠢ ᠬᠥᠳᠡᠭᠡ ᠪᠠᠭᠤᠯᠭᠠᠬᠤ ᠠᠵᠢᠯᠯᠠᠭ᠎ᠠ ᠡᠬᠢᠯᠡᠭᠰᠡᠨ | | ᠣᠶᠢᠷ᠎ᠠ ᠳᠤ᠂ 2025 ᠣᠨ ᠤ ᠰᠣᠶᠣᠯ ᠰᠢᠨᠵᠢᠯᠡᠬᠦ ᠮᠡᠷᠭᠡᠵᠢᠯ ᠡᠷᠡᠭᠦᠯ ᠬᠠᠮᠠᠭᠠᠯᠠᠯ 《ᠭᠤᠷᠪᠠ ᠶᠢ | ᠬᠥᠳᠡᠭᠡ ᠪᠠᠭᠤᠯᠭᠠᠬᠤ》ᠠᠵᠢᠯᠯᠠᠭ᠎ᠠ ᠡᠬᠢᠯᠡᠵᠦ᠂ ᠲᠤᠬᠠᠢ ᠶᠢᠨ ᠭᠠᠵᠠᠷ ᠤᠨ ᠣᠯᠠᠨ ᠲᠦᠮᠡᠨ ᠳᠤ ᠰᠣᠶᠣᠯ᠂ | ᠰᠢᠨᠵᠢᠯᠡᠬᠦ ᠮᠡᠷᠭᠡᠵᠢᠯ ᠪᠣᠯᠤᠨ ᠡᠷᠡᠭᠦᠯ ᠬᠠᠮᠠᠭᠠᠯᠠᠯ ᠤᠨ ᠡᠯᠪᠡᠭ ᠪᠠᠶᠠᠯᠢᠭ ᠦᠢᠯᠡᠴᠢᠯᠡᠭᠡ ᠶᠢ ᠠᠪᠴᠢᠷᠠᠵᠠᠢ᠃ | ᠡᠨᠡ ᠤᠳᠠᠭ᠎ᠠ ᠶᠢᠨ 《ᠭᠤᠷᠪᠠ ᠶᠢ ᠬᠥᠳᠡᠭᠡ ᠪᠠᠭᠤᠯᠭᠠᠬᠤ》 ᠠᠵᠢᠯᠯᠠᠭ᠎ᠠ ᠨᠢ ᠡᠯᠪᠡᠭ ᠪᠠᠶᠠᠯᠢᠭ᠂ ᠬᠡᠯᠪᠡᠷᠢ | ᠨᠢ ᠣᠯᠠᠨ ᠶᠠᠩᠵᠤ ᠶᠢᠨ ᠪᠠᠶᠢᠵᠤ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠬᠠᠯᠠᠭᠤᠨ ᠬᠦᠷᠢᠶᠡᠯᠡᠯ ᠪᠠ | ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃《ᠭᠤᠷᠪᠠ ᠶᠢ ᠬᠥᠳᠡᠭᠡ | ᠪᠠᠭᠤᠯᠭᠠᠬᠤ》ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠠᠵᠢᠯᠯᠠᠭ᠎ᠠ ᠶᠢᠨ ᠠᠭᠤᠯᠭ᠎ᠠ ᠶᠢ | ᠲᠠᠰᠤᠷᠠᠯᠲᠠ ᠦᠭᠡᠢ ᠪᠠᠶᠠᠯᠢᠭᠵᠢᠭᠤᠯᠵᠤ᠂ ᠠᠵᠢᠯᠯᠠᠭ᠎ᠠ ᠶᠢᠨ ᠬᠡᠯᠪᠡᠷᠢ ᠶᠢ ᠰᠢᠨᠡᠴᠢᠯᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠲᠤᠰᠠᠯᠠᠨ᠎ᠠ᠃ | ᠲᠤᠰ ᠤᠳᠠᠭᠠᠨ ᠤ ᠠᠵᠢᠯᠯᠠᠭ᠎ᠠ ᠨᠢ ᠪᠦᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠲᠠᠯᠠᠪᠠᠢ ᠶᠢ | ᠪᠦᠷᠬᠦᠵᠦ᠂ ᠡᠯ᠎ᠡ ᠲᠥᠷᠥᠯ ᠤᠨ ᠦᠢᠯᠡᠴᠢᠯᠡᠭᠡᠨ ᠤ ᠠᠵᠢᠯᠯᠠᠭ᠎ᠠ 30 ᠭᠠᠷᠤᠢ ᠲᠠᠯᠠᠪᠤᠷ ᠤᠳᠠᠭ᠎ᠠ ᠥᠷᠨᠢᠭᠦᠯᠬᠦ ᠪᠠᠷ | ᠲᠥᠯᠥᠪᠯᠡᠵᠦ ᠪᠣᠢ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠰᠤᠷᠤᠨ᠎ᠠ ᠳ᠋ᠦᠩ ᠵᠢᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |