ᠮᠠᠨ ᠤ ᠬᠤᠰᠢᠭᠤ ᠬᠤᠶᠠᠷ ᠮᠢᠩᠭ᠎ᠠ ᠬᠤᠷᠢᠨ ᠲᠠᠪᠤᠨ ᠤᠨ ᠤ ᠪᠥᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠦᠷᠨᠢᠭᠦᠯᠦᠭᠰᠡᠨ | | 4 ᠰᠠᠷ᠎ᠠ ᠶᠢᠨ 15 ᠤ ᠡᠳᠦᠷ᠂ ᠮᠠᠨ ᠤ ᠬᠤᠰᠢᠭᠤ 《 ᠪᠥᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠢ ᠬᠡᠷᠡᠭᠵᠢᠭᠦᠯᠦᠭᠰᠡᠨ ᠠᠷᠪᠠᠨ ᠵᠢᠯ ᠤᠨ ᠣᠢ 》 ᠪᠠᠷ ᠭᠤᠣᠯ ᠰᠡᠳᠦᠪ ᠪᠣᠯᠭᠠᠭᠰᠠᠨ ᠪᠥᠬᠦ | ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ | ᠥᠷᠨᠢᠭᠦᠯᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠤᠷᠢᠬᠠᠨ ᠣᠷᠣᠯᠴᠠᠪᠠ᠃ | ᠠᠵᠢᠯᠯᠠᠭ᠎ᠠ ᠶᠢᠨ ᠵᠣᠷᠢᠯᠲᠠ ᠪᠣᠯ ᠲᠦᠭᠰᠢᠭᠦᠷᠢ ᠶᠢ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠪᠠ | ᠪᠦᠲᠦᠮᠵᠢᠲᠡᠢ ᠰᠢᠢᠳᠪᠦᠷᠢᠯᠡᠬᠦ ᠶᠢ ᠴᠢᠩᠭᠠᠳᠬᠠᠵᠤ᠂ ᠡᠯ᠎ᠡ ᠬᠦᠷᠢᠶ᠎ᠡ ᠬᠡᠪᠴᠢᠶᠡᠨ ᠤ ᠲᠦᠭᠰᠢᠭᠦᠷᠢ ᠳᠠᠯᠳᠠ ᠭᠡᠮ ᠢ | ᠬᠦᠴᠦᠯᠡᠨ ᠰᠡᠷᠭᠡᠶᠢᠯᠡᠵᠦ ᠠᠷᠢᠯᠭᠠᠨ᠂ 《 ᠠᠮᠤᠷ ᠲᠦᠪᠰᠢᠨ ᠲᠦᠷᠪᠡᠳ ᠬᠤᠰᠢᠭᠤ》 ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠨᠡᠶᠢᠭᠡᠮ ᠤᠨ ᠵᠥᠷᠢᠴᠡᠯ ᠢ ᠤᠷᠢᠳᠴᠢᠯᠠᠨ ᠰᠡᠷᠭᠡᠶᠢᠯᠡᠬᠦ ᠪᠠ ᠠᠷᠢᠯᠭᠠᠬᠤ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠤᠬᠠᠭᠤᠯᠭ᠎ᠠ | ᠬᠥᠮᠦᠵᠢᠯ ᠢ ᠥᠷᠭᠡᠨ ᠳᠡᠯᠭᠡᠷ ᠥᠷᠨᠢᠭᠦᠯᠵᠦ᠂ 《 ᠳᠣᠯᠤᠭ᠎ᠠ ᠳᠤ ᠣᠷᠣᠭᠤᠯᠬᠤ 》ᠤᠬᠠᠭᠤᠯᠭ᠎ᠠ ᠶᠢᠨ | ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ | ᠲᠤᠬᠠᠢ ᠥᠷᠭᠡᠨ ᠠᠷᠠᠳ ᠣᠯᠠᠨ ᠤ ᠣᠶᠢᠯᠠᠭᠠᠯᠲᠠ ᠪᠣᠯᠤᠨ ᠲᠠᠨᠢᠯᠲᠠ ᠶᠢ ᠭᠦᠨᠵᠡᠭᠡᠶᠢᠷᠡᠭᠦᠯᠦᠨ᠂ 《 ᠤᠯᠤᠰ ᠤᠨ | ᠠᠮᠤᠷ ᠲᠦᠪᠰᠢᠨ᠂ ᠬᠥᠮᠦᠨ ᠪᠥᠬᠦᠨ ᠬᠠᠷᠢᠭᠤᠴᠠᠯᠭ᠎ᠠ ᠲᠠᠢ 》᠂ ᠪᠦᠬᠦ ᠠᠷᠠᠳ ᠢᠶᠠᠷ ᠢᠶᠠᠨ ᠡᠬᠡ ᠤᠯᠤᠰ ᠤᠨ | ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠬᠠᠯᠬᠠᠪᠴᠢ ᠶᠢ ᠬᠠᠮᠲᠤᠪᠠᠷ ᠪᠠᠶᠢᠭᠤᠯᠬᠤ ᠭᠦᠨ ᠵᠤᠵᠠᠭᠠᠨ | ᠠᠭᠤᠷ ᠠᠮᠢᠰᠬᠤᠯ ᠢ ᠪᠣᠢ ᠪᠣᠯᠭᠠᠨ᠎ᠠ᠃ | ᠬᠤᠰᠢᠭᠤᠨ ᠤ ᠤᠳᠤᠷᠢᠳᠤᠯᠭ᠎ᠠ ᠵᠦ᠋ ᠯᠠᠨ ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ | ᠣᠷᠣᠯᠴᠠᠵᠠᠢ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠰᠤᠷᠤᠨ᠎ᠠ ᠢᠦᠢ ᡁᠢ ᠹᠠᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |