ᠬᠦᠷᠢᠶᠡᠲᠦ ᠪᠠᠯᠭᠠᠰᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠵᠤ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ | | ᠡᠨᠡ ᠵᠢᠯ ᠠᠴᠠ ᠨᠠᠰᠢ᠂ ᠳᠥᠷᠪᠡᠳ ᠬᠤᠰᠢᠭᠤᠨ ᠤ ᠬᠦᠷᠢᠶᠡᠲᠦ ᠪᠠᠯᠭᠠᠰᠤ ᠳᠡᠭᠡᠳᠦ ᠱᠠᠲᠤᠨ ᠤ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠲᠤᠬᠠᠶ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ | ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠦᠨᠳᠦᠰᠦᠨ ᠱᠠᠲᠤᠨ ᠤ ᠵᠠᠰᠠᠯᠲᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ | ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ | ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ | ᠲᠦᠷᠦᠭᠳᠡᠯ ᠢ ᠦᠨᠡᠨ ᠬᠦ ᠨᠡᠮᠡᠭᠳᠡᠭᠦᠯᠪᠡ᠃ | | | | | ᠬᠦᠷᠢᠶᠡᠲᠦ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠶᠢᠯᠡᠨ ᠵᠠᠰᠠᠬᠤ ᠲᠥᠪ ᠤᠨ | ᠵᠢᠷᠤᠮᠵᠢᠭᠰᠠᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠦᠷᠦ ᠶᠢᠨ ᠬᠡᠪ | ᠴᠢᠨᠠᠷ ᠢᠶᠠᠷ ᠥᠨᠳᠥᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ᠂ ᠠᠵᠢᠯ ᠤᠨ ᠲᠤᠷᠰᠢᠯᠭ᠎ᠠ ᠪᠠᠷ | ᠪᠠᠶᠠᠯᠢᠭ ᠺᠠᠳ᠋ᠷ ᠢ ᠰᠣᠩᠭᠤᠨ ᠲᠣᠮᠢᠯᠠᠵᠤ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠲᠤ ᠰᠠᠭᠤᠯᠭᠠᠪᠠ᠃ | ᠶᠡᠷᠦᠩᠬᠡᠶᠢᠯᠡᠨ ᠵᠠᠰᠠᠬᠤ ᠲᠥᠪ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠵᠠᠬᠢᠳᠠᠯ ᠰᠤᠷᠪᠤᠯᠵᠢᠯᠠᠭ᠎ᠠ᠂ ᠡᠶᠡᠳᠡᠭᠦᠯᠭᠡ᠂ ᠬᠠᠤᠯᠢ ᠴᠠᠭᠠᠵᠠ ᠶᠢᠨ | ᠲᠤᠰᠠᠯᠠᠮᠵᠢ᠂ ᠬᠦᠴᠢᠷᠳᠡᠯ ᠢ ᠬᠠᠪᠰᠤᠷᠤᠨ ᠲᠡᠳᠬᠦᠬᠦ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ᠂ | ᠰᠡᠳᠬᠢᠴᠡ ᠶᠢᠨ ᠯᠠᠪᠯᠠᠭ᠎ᠠ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠵᠡᠷᠭᠡ ᠶᠢ ᠨᠢᠭᠡ ᠴᠣᠭᠴᠠᠵᠢᠭᠤᠯᠤᠭᠰᠠᠨ | ︽ᠨᠢᠭᠡ ᠥᠷᠲᠡᠭᠡ ᠮᠠᠶ᠋ᠢᠭ︾ ᠤᠨ ᠶᠡᠷᠦᠩᠬᠡᠶᠢᠯᠡᠨ ᠵᠠᠰᠠᠬᠤ ᠲᠥᠪ ᠢ ᠪᠠᠶᠢᠭᠤᠯᠵᠤ᠂ ᠪᠥᠲᠥᠭᠡᠨ ᠪᠠᠶᠢᠭᠤᠯᠤᠯᠲᠠ ᠶᠢᠨ | ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠪᠠ᠃ | | | | | ︽ᠴᠢᠳᠠᠮᠵᠢ ᠪᠦᠷᠢᠨ᠂ ᠪᠠᠶᠢᠷᠢᠯᠠᠭᠤᠯᠤᠯᠲᠠ ᠵᠦᠶ ᠵᠣᠬᠢᠰᠲᠠᠶ᠂ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ | ᠪᠠᠶᠢᠬᠤ︾ ᠵᠠᠷᠴᠢᠮ ᠶᠣᠰᠣᠭᠠᠷ᠂ ᠬᠦᠷᠢᠶᠡᠲᠦ ᠪᠠᠯᠭᠠᠰᠤ ᠶᠡᠷᠦᠩᠬᠡᠶᠢᠯᠡᠨ ᠵᠠᠰᠠᠬᠤ ᠲᠥᠪ ᠲᠤ ᠪᠥᠬᠦ ᠲᠠᠯ᠎ᠠ ᠪᠠᠷ ᠲᠠᠰ | ᠳᠡᠪᠰᠢᠭᠦᠯᠦᠨ ᠥᠭᠡᠷᠡᠴᠢᠯᠡᠪᠡ᠃ ᠣᠳᠣᠬᠠᠨ ᠳᠤ ᠶᠡᠷᠦᠩᠬᠡᠶᠢᠯᠡᠨ ᠵᠠᠰᠠᠬᠤ ᠲᠥᠪ ᠤᠨ ᠲᠠᠯᠠᠪᠠᠢ ᠨᠢ 70 ᠭᠠᠷᠤᠶ | ᠲᠡᠭᠰᠢ ᠳᠥᠷᠪᠡᠯᠵᠢᠨ ᠮᠧᠳ᠋ᠷ ᠲᠤ ᠬᠦᠷᠴᠦ᠂ ᠣᠯᠠᠨ ᠲᠦᠮᠡᠨ ᠤ ᠬᠦᠯᠢᠶᠡᠨ ᠠᠪᠬᠤ ᠲᠢᠩᠬᠢᠮ᠂ ᠵᠠᠬᠢᠳᠠᠯ | ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠠᠰᠤᠭ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠠᠰᠤᠭ᠂ | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠰᠤᠭ ᠵᠡᠷᠭᠡ ᠣᠯᠠᠨ ᠴᠢᠳᠠᠮᠵᠢᠲᠤ ᠣᠷᠣᠨ ᠪᠦᠰᠡ | ᠲᠣᠬᠢᠷᠠᠭᠤᠯᠵᠤ᠂ ᠣᠯᠠᠨ ᠲᠦᠮᠡᠨ ᠤ ᠬᠦᠯᠢᠶᠡᠨ ᠠᠪᠬᠤ ᠶᠡᠭᠡ ᠲᠢᠩᠬᠢᠮ ᠳᠤ ᠲᠤᠰᠬᠠᠶ ᠮᠡᠷᠭᠡᠵᠢᠯ ᠤᠨ ᠬᠥᠲᠥᠯᠥᠨ | ᠵᠢᠯᠣᠭᠤᠳᠤᠭᠴᠢ ᠪᠠ ᠦᠢᠯᠡᠴᠢᠯᠡᠭᠡᠨ ᠤ ᠲᠥᠬᠦᠭᠡᠷᠦᠮᠵᠢ ᠲᠣᠬᠢᠷᠠᠭᠤᠯᠵᠤ᠂ ᠣᠯᠠᠨ ᠲᠦᠮᠡᠨ ᠳᠤ ᠳᠥᠭᠦᠮ ᠳᠥᠲᠡ | ᠥᠨᠳᠥᠷ ᠪᠦᠲᠦᠮᠵᠢᠲᠡᠶ ᠠᠰᠠᠭᠤᠨ ᠯᠠᠪᠯᠠᠬᠤ ᠪᠠ ᠬᠦᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡ ᠬᠠᠩᠭᠠᠪᠠ︔ | ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠠᠰᠤᠭ ᠨᠢ ᠬᠠᠯᠠᠭᠤᠮᠰᠤᠭ ᠢᠶᠠᠨ ᠪᠠᠶᠢᠷᠢᠯᠠᠭᠤᠯᠵᠤ᠂ | ᠲᠤᠰᠬᠠᠶ ᠮᠡᠷᠭᠡᠵᠢᠯ ᠤᠨ ᠡᠶᠡᠳᠡᠭᠦᠯᠬᠦ ᠲᠥᠬᠦᠭᠡᠷᠦᠮᠵᠢ ᠪᠠ ᠮᠠᠲ᠋ᠧᠷᠢᠶᠠᠯ ᠲᠣᠬᠢᠷᠠᠭᠤᠯᠵᠤ᠂ ᠲᠤᠷᠰᠢᠯᠭ᠎ᠠ ᠪᠠᠷ ᠪᠠᠶᠠᠯᠢᠭ | ᠡᠶᠡᠳᠡᠭᠦᠯᠦᠭᠴᠢ ᠶᠢ ᠤᠷᠢᠵᠤ ᠪᠠᠶᠢᠩᠭᠤ ᠰᠠᠭᠤᠯᠭᠠᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠴᠠᠭ | ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠪᠠ︔ ᠰᠡᠳᠬᠢᠴᠡ ᠶᠢᠨ ᠵᠥᠪᠯᠡᠯᠭᠡ ᠥᠭᠬᠦ | ᠲᠠᠰᠤᠭ ᠲᠤ ᠲᠤᠰᠬᠠᠶ ᠮᠡᠷᠭᠡᠵᠢᠯ ᠤᠨ ᠰᠡᠳᠬᠢᠴᠡ ᠶᠢᠨ ᠬᠠᠪᠰᠤᠷᠤᠨ ᠵᠢᠯᠣᠭᠤᠳᠬᠤ ᠠᠵᠢᠯᠲᠠᠨ ᠲᠣᠬᠢᠷᠠᠭᠤᠯᠵᠤ᠂ | ᠣᠯᠠᠨ ᠲᠦᠮᠡᠨ ᠳᠤ ᠰᠡᠳᠬᠢᠴᠡ ᠶᠢᠨ ᠡᠷᠡᠭᠦᠯ ᠮᠡᠨᠳᠦ ᠶᠢᠨ ᠵᠥᠪᠯᠡᠯᠭᠡ ᠥᠭᠬᠦ ᠪᠠ ᠬᠥᠲᠥᠯᠥᠨ ᠵᠢᠯᠣᠭᠤᠳᠬᠤ | ᠦᠢᠯᠡᠴᠢᠯᠡᠭᠡ ᠬᠠᠩᠭᠠᠵᠤ᠂ ᠣᠯᠠᠨ ᠲᠦᠮᠡᠨ ᠢ ᠬᠠᠪᠰᠤᠷᠤᠨ ᠳᠠᠷᠤᠭᠠᠰᠤ ᠶᠢ ᠨᠢ ᠬᠥᠩᠭᠡᠷᠡᠭᠦᠯᠵᠦ᠂ ᠰᠡᠳᠬᠢᠴᠡ ᠶᠢᠨ | ᠲᠥᠭᠡᠷᠢᠭᠳᠡᠯ ᠢ ᠨᠢ ᠰᠢᠢᠳᠪᠦᠷᠢᠯᠡᠪᠡ᠃ ᠣᠯᠠᠨ ᠲᠦᠮᠡᠨ ᠤ ︽ᠨᠢᠭᠡ ᠡᠭᠦᠳᠡ ᠪᠠᠷ ᠣᠷᠣᠵᠤ᠂ ᠪᠣᠶ ᠪᠥᠬᠦᠶ ᠤᠴᠢᠷ | ᠶᠠᠪᠤᠳᠠᠯ ᠢ ᠭᠦᠶ᠋ᠴᠡᠳᠬᠡᠬᠦ︾ ᠳᠥᠭᠦᠮ ᠳᠥᠲᠡ ᠦᠶ᠋ᠯᠡᠴᠢᠯᠡᠭᠡᠨ ᠤ ᠬᠠᠷᠠᠯᠲᠠ ᠶᠢ ᠴᠢᠷᠮᠠᠶᠢᠨ ᠪᠡᠶᠡᠯᠡᠭᠦᠯᠪᠡ᠃ | | | | | ᠬᠦᠷᠢᠶᠡᠲᠦ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠠᠵᠢᠯ ᠤᠨ ᠲᠣᠭᠲᠠᠴᠠ ᠶᠢᠨ ᠰᠢᠨ᠎ᠡ ᠶᠢ | ᠡᠭᠦᠳᠴᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ︽ᠨᠢᠭᠡ | ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠶᠡᠷᠦᠩᠬᠡᠶᠢᠯᠡᠨ | ᠵᠠᠰᠠᠬᠤ ᠲᠥᠪ ᠲᠤ ᠢᠷᠡᠮᠡᠭᠴᠡ ᠵᠢᠭᠤᠷᠠᠯᠳᠤᠭᠠᠨ ᠢ ᠡᠶᠡᠳᠡᠭᠦᠯᠬᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ | ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ᠂ ᠰᠡᠳᠬᠢᠴᠡ ᠶᠢ ᠲᠠᠶᠢᠳᠬᠤᠷᠠᠭᠤᠯᠤᠨ ᠵᠢᠯᠣᠭᠤᠳᠬᠤ ᠵᠡᠷᠭᠡ ᠠᠯᠢ | ᠣᠯᠠᠨ ᠦᠢᠯᠡᠴᠢᠯᠡᠭᠡ ᠶᠢ ᠭᠥᠷᠳᠡᠵᠦ᠂ ︽ᠨᠢᠭᠡ ᠯᠡ ᠡᠭᠦᠳᠡ ᠪᠠᠷ ᠣᠷᠣᠵᠤ᠂ ᠬᠠᠮᠤᠭ ᠤᠨ ᠠᠷᠪᠢᠨ ᠳᠠᠭᠠᠨ ᠨᠢᠭᠡ | ᠭᠠᠵᠠᠷ ᠭᠦᠶᠦᠯᠭᠡᠬᠦ︾ ᠶᠢ ᠪᠡᠶᠡᠯᠡᠭᠦᠯᠪᠡ᠃ ᠯᠢ ᠶᠦᠨ ᠯᠦᠩ᠄ ︽ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ | ᠭᠦᠢᠴᠡᠳᠬᠡᠭᠴᠢ ᠪᠣᠯ ᠤᠯᠠᠨ ᠲᠦᠮᠡᠨ ᠤ ︿ᠣᠷᠣᠯᠠᠨ ᠥᠭᠦᠯᠡᠭᠴᠢ﹀ ᠮᠥᠨ᠂ ᠪᠠᠰᠠ ᠴᠤ ᠤᠯᠠᠨ ᠲᠦᠮᠡᠨ ᠤ ︿ | ᠭᠦᠶᠦᠯᠭᠡᠬᠦ﹀ ᠬᠥᠮᠥᠨ ᠮᠥᠨ᠂ ᠵᠥᠷᠢᠴᠡᠯ ᠢ ᠲᠡᠰ ᠳᠡᠪᠰᠢᠭᠦᠯᠬᠦ ᠦᠭᠡᠢ᠂ ᠤᠯᠠᠨ ᠲᠦᠮᠡᠨ ᠤ ᠵᠣᠪᠠᠨᠢᠯ ᠢ | ᠰᠢᠢᠳᠪᠦᠷᠢᠯᠡᠬᠦ ᠦᠭᠡᠢ ᠪᠣᠯ ᠲᠡᠷᠢᠭᠦᠨ ᠴᠢᠬᠤᠯᠠ ᠡᠭᠦᠷᠭᠡ ᠮᠥᠨ᠃ ᠣᠯᠠᠨ ᠲᠦᠮᠡᠨ ᠤ ︿ᠣᠷᠣᠯᠠᠨ ᠥᠭᠦᠯᠡᠭᠴᠢ﹀ | ᠪᠣᠯᠤᠭᠰᠠᠨ ᠤ ᠬᠤᠪᠢ ᠳᠤ᠂ ᠣᠯᠠᠨ ᠲᠦᠮᠡᠨ ᠲᠠᠢ ᠨᠡᠪᠲᠡᠷᠡᠯᠴᠡᠬᠦ ᠪᠠ ᠰᠣᠯᠢᠯᠴᠠᠬᠤ ᠪᠠᠷ ᠳᠠᠮᠵᠢᠭᠤᠯᠤᠨ᠂ ᠣᠯᠠᠨ | ᠲᠦᠮᠡᠨ ᠤ ᠬᠦᠰᠡᠯ ᠱᠠᠭᠠᠷᠳᠠᠯᠭ᠎ᠠ ᠪᠠ ᠰᠡᠳᠬᠢᠯ ᠤᠨ ᠳᠠᠭᠤᠨ ᠢ ᠭᠦᠨᠵᠡᠭᠡᠶ ᠣᠶᠢᠯᠠᠭᠠᠵᠤ᠂ ᠣᠯᠠᠨ ᠲᠦᠮᠡᠨ ᠤ ᠰᠠᠨᠠᠯ | ᠪᠠ ᠰᠠᠨᠠᠭᠤᠯᠭ᠎ᠠ ᠶᠢ ᠴᠠᠭ ᠲᠤᠬᠠᠶ ᠳᠤᠨᠢ ᠴᠤᠭᠯᠠᠭᠤᠯᠤᠨ ᠡᠮᠬᠢᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠲᠤ | ᠲᠤᠰᠬᠠᠬᠤ ᠶᠢᠨ ᠬᠠᠮᠲᠤ ᠵᠣᠬᠢᠴᠠᠭᠤᠯᠤᠨ ᠰᠢᠶ᠋ᠳᠪᠦᠷᠢᠯᠡᠵᠦ᠂ ︿ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠥᠬᠡᠶ | ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠥᠬᠡᠶ᠂ ᠵᠥᠷᠢᠴᠡᠯ ᠢ ᠦᠨᠳᠦᠰᠦᠨ ᠱᠠᠲᠤᠨ ᠳᠤ ᠰᠢᠢᠳᠪᠦᠷᠢᠯᠡᠬᠦ﹀ | ᠶᠢ ᠪᠡᠶᠡᠯᠡᠭᠦᠯᠦᠨ᠎ᠡ᠃ ᠣᠳᠣᠬᠠᠨ ᠪᠣᠯᠲᠠᠯ᠎ᠠ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠨᠡᠶᠢᠲᠡ 6 ᠬᠤᠪᠢ | ᠡᠶᠡᠳᠡᠭᠦᠯᠵᠦ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | | | | | ᠬᠦᠷᠢᠶᠡᠲᠦ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ | ᠠᠯᠬᠤᠮ ᠳᠤ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠲᠠᠰᠤᠷᠠᠯᠲᠠ | ᠥᠬᠡᠶ ᠬᠠᠶᠢᠨ ᠰᠦᠪᠡᠭᠴᠢᠯᠡᠵᠦ᠂ ᠨᠡᠶᠢᠭᠡᠮ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ᠦᠢᠯᠡᠴᠢᠯᠡᠭᠡᠨ ᠤ ᠤᠶᠤᠨᠴᠢᠯᠠᠭᠰᠠᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ ᠭᠡᠵᠡᠶ᠃ ᠡᠭᠦᠨ ᠤ ᠬᠠᠮᠲᠤ᠂ ᠤᠬᠠᠭᠤᠯᠤᠨ ᠬᠥᠲᠥᠯᠦᠨ ᠵᠢᠯᠣᠭᠤᠳᠬᠤ ᠶᠢ | ᠴᠢᠩᠭᠠᠳᠬᠠᠵᠤ᠂ ᠣᠯᠠᠨ ᠲᠦᠮᠡᠨ ᠤ ᠶᠡᠷᠦᠩᠬᠡᠶᠢᠯᠡᠨ ᠵᠠᠰᠠᠬᠤ ᠲᠥᠪ ᠤᠨ ᠲᠤᠬᠠᠶ ᠣᠶᠢᠯᠠᠭᠠᠬᠤ ᠨᠣᠷᠮ᠎ᠠ ᠪᠠ | ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠨᠠᠩ ᠣᠯᠠᠨ ᠣᠯᠠᠨ ᠲᠦᠮᠡᠨ ᠳᠤ ᠶᠡᠷᠦᠩᠬᠡᠶᠢᠯᠡᠨ ᠵᠠᠰᠠᠬᠤ ᠲᠥᠪ ᠤᠨ | ᠦᠢᠯᠡᠴᠢᠯᠡᠭᠡ ᠶᠢ ᠣᠶᠢᠯᠠᠭᠠᠭᠤᠯᠬᠤ ᠶᠢᠨ ᠬᠠᠮᠲᠤ ᠠᠰᠢᠭ ᠬᠦᠷᠲᠡᠭᠡᠵᠦ᠂ ᠠᠮᠤᠷ ᠠᠮᠤᠭᠤᠯᠠᠩ᠂ ᠡᠶ᠎ᠡ ᠵᠣᠬᠢᠴᠠᠯ ᠲᠠᠢ᠂ | ᠦᠵᠡᠰᠬᠦᠯᠡᠩᠲᠦ ᠰᠠᠶᠢᠬᠠᠨ ᠬᠦᠷᠢᠶᠡᠲᠦ ᠪᠠᠯᠭᠠᠰᠤ ᠶᠢ ᠪᠥᠲᠥᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ᠃ | | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ |