ᠮᠠᠨ ᠤ ᠬᠤᠰᠢᠭᠤ ᠦᠨ᠎ᠡ ᠲᠥᠯᠥᠪᠦᠷᠢ ᠥᠬᠡᠢ ᠴᠢᠰᠤ ᠬᠠᠨᠳᠢᠪᠯᠠᠬᠤ ᠠᠵᠢᠯᠯᠠᠭ᠎ᠠ ᠦᠷᠨᠢᠭᠦᠯᠦᠭᠰᠡᠨ | | ᠣᠶᠢᠷ᠎ᠠ ᠶᠢᠨ ᠡᠳᠦᠷ᠂ ᠤᠯᠠᠭᠠᠨᠴᠠᠪ ᠬᠤᠲᠠ ᠶᠢᠨ ᠴᠢᠰᠤᠨ ᠤ ᠭᠤᠣᠯ ᠥᠷᠲᠡᠭᠡ ᠮᠠᠨ ᠤ ᠬᠤᠰᠢᠭᠤᠨ ᠤ | ᠳᠥᠷᠪᠡᠳ ᠠᠭᠤᠳᠠᠮ ᠲᠠᠯᠠᠪᠠᠢ ᠳᠤ ᠦᠨ᠎ᠡ ᠲᠥᠯᠥᠪᠦᠷᠢ ᠥᠬᠡᠢ ᠴᠢᠰᠤ ᠬᠠᠨᠳᠢᠪᠯᠠᠬᠤ ᠠᠵᠢᠯᠯᠠᠭ᠎ᠠ ᠥᠷᠨᠢᠭᠦᠯᠵᠦ᠂ | ᠤᠯᠠᠨ ᠬᠦᠮᠦᠰ ᠢᠳᠡᠪᠬᠢᠲᠠᠢ ᠤᠷᠤᠯᠴᠠᠵᠤ᠂ ᠬᠠᠶᠢᠷ᠎ᠠ ᠬᠠᠯᠠᠮᠵᠢ ᠪᠠᠨ ᠡᠷᠭᠦᠭᠰᠡᠨ ᠪᠠᠶᠢᠨ᠎ᠠ᠃ | ᠡᠨᠡ ᠤᠳᠠᠭ᠎ᠠ 160 ᠬᠥᠮᠦᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠵᠤ᠂ ᠴᠢᠰᠤ | ᠬᠠᠨᠳᠢᠪᠯᠠᠭᠰᠠᠨ ᠶᠡᠷᠦᠩᠬᠡᠢ ᠬᠡᠮᠵᠢᠶ᠎ᠡ 63900 ᠮᠢᠯᠢᠯᠢᠲᠷ ᠲᠤ ᠬᠦᠷᠴᠦ᠂ ᠣᠯᠠᠨ ᠢᠶᠠᠷ ᠢᠶᠠᠨ ᠪᠣᠳᠠᠲᠤ ᠠᠵᠢᠯᠯᠠᠭ᠎ᠠ | ᠪᠠᠷ ᠢᠶᠠᠨ ᠬᠠᠶᠢᠷ᠎ᠠ ᠬᠠᠯᠠᠮᠵᠢ ᠪᠠᠨ ᠳᠠᠮᠵᠢᠭᠤᠯᠵᠤ᠂ ᠲᠤᠭ᠎ᠠ ᠲᠣᠮᠰᠢ ᠦᠭᠡᠢ ᠡᠪᠡᠳᠴᠢᠲᠡᠨ ᠳᠤ ᠠᠮᠢ ᠨᠠᠰᠤᠨ ᠤ | ᠬᠦᠰᠡᠯ ᠤᠨ ᠭᠡᠭᠡ ᠤᠯᠭᠤᠭᠰᠠᠨ ᠪᠠᠶᠢᠨ᠎ᠠ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠼᠠᠢ ᠴᠢᠩ ᠴᠦᠨ ᠪᠠᠶᠠᠰᠬᠤᠯᠠᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |