ᠡᠯᠡᠰᠦ ᠶᠢ ᠰᠡᠷᠭᠡᠶᠢᠯᠡᠵᠦ ᠵᠠᠰᠠᠬᠤ ᠪᠠ ᠰᠠᠯᠬᠢ ᠭᠡᠷᠡᠯ ᠴᠡᠨᠡᠭ ᠢ ᠨᠢᠭᠡ ᠴᠤᠭᠴᠠᠵᠢᠭᠤᠯᠤᠭᠰᠠᠨ ᠲᠥᠷᠥᠯ ᠵᠦᠢᠯ | ᠪᠦᠬᠦ ᠲᠠᠯ᠎ᠠ ᠪᠠᠷ ᠠᠵᠢᠯ ᠡᠬᠢᠯᠡᠭᠰᠡᠨ | | ᠣᠶᠢᠷ᠎ᠠ ᠶᠢᠨ ᠡᠳᠦᠷ᠂ ᠳ᠋ᠠ ᠳᠠᠩ ᠤᠨ ᠳᠥᠷᠪᠡᠳ ᠬᠤᠰᠢᠭᠤᠨ ᠤ ᠰᠢᠨ᠎ᠡ ᠡᠨᠧᠷᠭᠢ ᠶᠢᠨ ᠬᠢᠵᠠᠭᠠᠷᠲᠤ | ᠺᠣᠮᠫᠠᠨᠢ ᠪᠡᠯᠡ ᠣᠷᠣᠭᠤᠯᠤᠨ ᠪᠠᠶᠢᠭᠤᠯᠤᠭᠰᠠᠨ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠡᠯᠡᠰᠦ ᠶᠢ | ᠰᠡᠷᠭᠡᠶᠢᠯᠡᠵᠦ ᠵᠠᠰᠠᠬᠤ ᠪᠠ ᠰᠠᠯᠬᠢ ᠭᠡᠷᠡᠯ ᠴᠡᠨᠡᠭ ᠢ ᠨᠢᠭᠡ ᠴᠤᠬᠴᠠᠵᠢᠭᠤᠯᠤᠬᠰᠠᠨ ᠲᠥᠷᠥᠯ ᠵᠦᠢᠯ ᠪᠦᠬᠦ ᠲᠠᠯ᠎ᠠ ᠪᠠᠷ | ᠠᠵᠢᠯ ᠡᠬᠢᠯᠡᠭᠰᠡᠨ ᠪᠠᠶᠢᠨ᠎ᠠ᠃ | ᠲᠤᠰ ᠤᠳᠠᠭᠠᠨ ᠤ ᠰᠠᠯᠬᠢ ᠭᠡᠷᠡᠯ ᠴᠡᠨᠡᠭ ᠢ ᠨᠢᠭᠡ ᠴᠣᠭᠴᠠᠵᠢᠭᠤᠯᠬᠤ ᠲᠥᠷᠥᠯ ᠵᠦᠢᠯ ᠤᠨ | ᠨᠠᠶᠢᠳᠠᠪᠤᠷᠢᠵᠢᠭᠤᠯᠤᠯᠲᠠ ᠨᠢ ᠤᠯᠠᠭᠠᠨᠴᠠᠪ ᠬᠤᠲᠠ ᠶᠢᠨ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ | ᠦᠢᠯᠡᠳᠦᠯᠭᠡᠵᠢᠭᠦᠯᠬᠦ᠂ ᠡᠨᠧᠷᠭᠢ ᠶᠢᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ | ᠴᠢᠬᠤᠯᠠ ᠨᠢᠭᠡ ᠠᠯᠬᠤᠮ ᠠᠯᠬᠤᠭᠰᠠᠨ ᠶᠠᠪᠤᠳᠠᠯ ᠪᠣᠯᠤᠨ᠎ᠠ᠂ ᠲᠤᠰ ᠭᠠᠵᠠᠷ ᠤᠨ ᠡᠯᠪᠡᠭ ᠪᠠᠶᠠᠯᠢᠭ ᠰᠠᠯᠬᠢᠨ ᠡᠨᠧᠷᠭᠢ | ᠪᠣᠯᠤᠨ ᠨᠠᠷᠠᠨ ᠡᠨᠧᠷᠭᠢ ᠶᠢᠨ ᠡᠬᠢ ᠪᠠᠶᠠᠯᠢᠭ ᠢ ᠪᠦᠲᠦᠮᠵᠢᠲᠡᠢ ᠠᠰᠢᠭᠯᠠᠵᠤ ᠴᠢᠳᠠᠬᠤ ᠪᠠᠷ ᠪᠠᠷᠠᠬᠤ ᠦᠭᠡᠢ ᠪᠠᠰᠠ | ᠤᠷᠭᠤᠮᠠᠯ ᠤᠨ ᠪᠦᠷᠬᠦᠴᠡ ᠶᠢ ᠰᠡᠷᠭᠦᠭᠡᠬᠦ᠂ ᠭᠠᠵᠠᠷ ᠰᠢᠷᠣᠢ ᠶᠢ ᠴᠡᠭᠴᠡᠯᠡᠨ ᠵᠠᠰᠠᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠡᠯᠡᠰᠦ ᠶᠢ ᠰᠡᠷᠭᠡᠶᠢᠯᠡᠨ ᠵᠠᠰᠠᠬᠤ ᠠᠵᠢᠯ ᠳᠤ ᠬᠦᠴᠦ ᠨᠡᠮᠡᠷᠢᠯᠡᠵᠦ᠂ ᠠᠮᠢ ᠠᠬᠤᠢ ᠶᠢᠨ ᠦᠷ᠎ᠡ | ᠠᠰᠢᠭ ᠬᠢᠭᠡᠳ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠣᠯᠬᠤ ᠶᠢ ᠪᠡᠶᠡᠯᠡᠭᠦᠯᠦᠭᠰᠡᠨ ᠪᠠᠶᠢᠨ᠎ᠠ᠃ | | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠴᠧᠨ ᠯᠢᠨ ᠰᠦᠩ ᠰᠢᠶᠣᠣ ᠢᠦᠢ ᠪᠠᠶᠠᠰᠬᠤᠯᠠᠩ ᠷᠧᠨ ᠫᠧᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |