ᠬᠤᠩᠭᠤᠷ ᠰᠤᠮᠤ 2025 ᠣᠨ ᠤ ᠮᠠᠯᠴᠢᠨ ᠲᠠᠷᠢᠶᠠᠴᠢᠨ ᠨᠠᠮ ᠤᠨ ᠭᠡᠰᠢᠭᠦᠨ ᠤ ᠪᠣᠯᠪᠠᠰᠤᠷᠠᠯ ᠤᠨ ᠠᠩᠭᠢ | ᠡᠷᠬᠢᠯᠡᠪᠡ | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠮᠠᠯᠴᠢᠨ ᠲᠠᠷᠢᠶᠠᠴᠢᠨ ᠨᠠᠮ ᠤᠨ ᠭᠡᠰᠢᠭᠦᠨ ᠤ | ᠶᠡᠷᠦᠩᠬᠡᠶᠢᠯᠡᠭᠰᠡᠨ ᠬᠡᠪ ᠴᠢᠨᠠᠷ ᠪᠣᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠤᠰᠠᠳᠠ᠂ 3 ᠰᠠᠷ᠎ᠠ ᠶᠢᠨ 27 ᠤ ᠡᠳᠦᠷ᠂ ᠬᠤᠩᠭᠤᠷ ᠰᠤᠮᠤ ᠭᠤᠷᠪᠠᠨ ᠡᠳᠦᠷ ᠤᠨ | ᠬᠤᠭᠤᠴᠠᠭ᠎ᠠ ᠲᠠᠢ ᠮᠠᠯᠴᠢᠨ ᠲᠠᠷᠢᠶᠠᠴᠢᠨ ᠨᠠᠮ ᠤᠨ ᠭᠡᠰᠢᠭᠦᠨ ᠤ ᠪᠣᠯᠪᠠᠰᠤᠷᠠᠯ ᠤᠨ ᠠᠩᠭᠢ ᠶᠢ ᠡᠷᠬᠢᠯᠡᠨ | ᠶᠠᠪᠤᠭᠳᠠᠭᠤᠯᠪᠠ᠃ | | | | | ᠪᠣᠯᠪᠠᠰᠤᠷᠠᠯ ᠤᠨ ᠠᠩᠭᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠲᠠᠢ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠭᠤᠣᠯ ᠱᠤᠭᠤᠮ ᠪᠣᠯᠭᠠᠵᠤ᠂ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ 》 | ᠂ ᠦᠨᠳᠦᠰᠦᠲᠡᠨ ᠤ ᠪᠦᠯᠬᠦᠮᠳᠡᠯ᠂ ᠦᠵᠡᠯ ᠤᠬᠠᠮᠰᠠᠷ ᠤᠨ ᠬᠡᠯᠪᠡᠷᠢ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠦᠨᠳᠦᠰᠦᠲᠡᠨ ᠤ ᠬᠠᠤᠯᠢ ᠶᠢᠨ ᠪᠢᠴᠢᠭ᠂ ᠵᠠᠩ ᠳᠠᠳᠬᠠᠯ ᠢᠶᠠᠨ ᠬᠠᠯᠠᠬᠤ ᠵᠡᠷᠭᠡ ᠬᠢᠴᠢᠶᠡᠯ ᠭᠠᠷᠭᠠᠵᠤ | ᠂ ᠡᠭᠦᠨ ᠤ ᠵᠣᠷᠢᠯᠭ᠎ᠠ ᠨᠢ ᠮᠠᠯᠴᠢᠨ ᠲᠠᠷᠢᠶᠠᠴᠢᠨ ᠨᠠᠮ ᠤᠨ ᠭᠡᠰᠢᠭᠦᠨ ᠤ ᠨᠠᠮᠴᠢ ᠴᠢᠨᠠᠷ ᠤᠨ ᠪᠣᠯᠪᠠᠰᠤᠷᠠᠯ ᠢ | ᠳᠡᠭᠡᠭᠰᠢᠯᠡᠭᠦᠯᠬᠦ ᠪᠠᠷ ᠵᠣᠷᠢᠯᠭ᠎ᠠ ᠪᠠᠨ ᠪᠣᠯᠭᠠᠭᠰᠠᠨ ᠪᠠᠶᠢᠨ᠎ᠠ᠃ | ᠲᠤᠰ ᠤᠳᠠᠭ᠎ᠠ ᠶᠢᠨ ᠬᠤᠩᠭᠤᠷ ᠰᠤᠮᠤ ᠶᠢᠨ ᠲᠠᠷᠢᠶᠠᠴᠢᠨ ᠮᠠᠯᠴᠢᠨ ᠨᠠᠮ ᠤᠨ ᠭᠡᠰᠢᠭᠦᠨ ᠤ ᠪᠣᠯᠪᠠᠰᠤᠷᠠᠯ ᠤᠨ | ᠠᠩᠭᠢ ᠶᠢᠨ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ᠂ ᠬᠠᠨᠳᠤᠯᠭᠠᠲᠤ ᠴᠢᠨᠠᠷ ᠪᠠ ᠬᠡᠷᠡᠭᠯᠡᠭᠡᠨᠲᠦ | ᠴᠢᠨᠠᠷ ᠢᠶᠠᠷ ᠴᠢᠩᠭ᠎ᠠ᠃ ᠪᠣᠯᠪᠠᠰᠣᠷᠠᠭᠤᠯᠤᠯ ᠢᠶᠠᠷ ᠳᠠᠮᠵᠢᠭᠠᠳ᠂ ᠲᠠᠷᠢᠶᠠᠴᠢᠨ ᠮᠠᠯᠴᠢᠨ ᠨᠠᠮ ᠤᠨ ᠭᠡᠰᠢᠭᠦᠨ ᠤ | ᠤᠯᠤᠰ ᠲᠥᠷᠥ ᠶᠢᠨ ᠬᠡᠪ ᠪᠣᠯᠪᠠᠰᠤᠷᠠᠯ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠢᠯᠡᠳᠲᠡ ᠳᠡᠭᠡᠭᠰᠢᠯᠡᠵᠦ᠂ | ᠰᠤᠮᠤ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠨᠡᠮᠡᠷᠢᠯᠡᠪᠡ᠃ | ᠳᠠᠷᠠᠭᠠᠴᠢ ᠶᠢᠨ ᠠᠯᠬᠤᠮ ᠳᠤ᠂ ᠬᠤᠩᠭᠤᠷ ᠰᠤᠮᠤ ᠶᠢᠨ ᠨᠠᠮ ᠤᠨ ᠬᠤᠷᠢᠶ᠎ᠠ ᠮᠠᠯᠴᠢᠨ ᠲᠠᠷᠢᠶᠠᠴᠢᠨ ᠨᠠᠮ ᠤᠨ | ᠭᠡᠰᠢᠭᠦᠨ ᠤ ᠦᠰᠦᠨ ᠪᠤᠶᠢᠵᠢᠬᠤ ᠱᠠᠭᠠᠷᠳᠠᠯᠭ᠎ᠠ ᠶᠢ ᠦᠷᠭᠦᠯᠵᠢᠯᠡᠨ ᠠᠩᠬᠠᠷᠴᠤ᠂ ᠪᠣᠯᠪᠠᠰᠤᠷᠠᠯ ᠤᠨ ᠠᠷᠭ᠎ᠠ | ᠬᠡᠯᠪᠡᠷᠢ ᠶᠢᠨ ᠰᠢᠨ᠎ᠡ ᠶᠢ ᠡᠭᠦᠳᠴᠦ᠂ ᠪᠣᠯᠪᠠᠰᠤᠷᠠᠯ ᠤᠨ ᠠᠭᠤᠯᠭ᠎ᠠ ᠶᠢ ᠪᠠᠶᠠᠯᠢᠭᠵᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠳᠠᠬᠢᠨ ᠰᠢᠨ᠎ᠡ | ᠳᠡᠭᠲᠡᠷ ᠲᠤ ᠭᠠᠷᠭᠠᠬᠤ ᠳᠤ ᠬᠦᠴᠦᠲᠡᠢ ᠲᠦᠰᠢᠭ ᠲᠤᠯᠭᠠᠭᠤᠷᠢ ᠬᠠᠩᠭᠠᠬᠤ ᠪᠣᠯᠤᠨ᠎ᠠ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | |