ᠵᠠᠩᠭᠠᠨ ᠰᠤᠮᠤ  ᠬᠠᠩᠰᠢ ᠶᠢᠨ ᠡᠳᠦᠷ ᠤᠨ ᠬᠤᠭᠤᠴᠠᠭᠠᠨ ᠤ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2025/4/9
     ᠵᠠᠩᠭᠠᠨ ᠰᠤᠮᠤ  ᠬᠠᠩᠰᠢ ᠶᠢᠨ ᠡᠳᠦᠷ ᠤᠨ ᠬᠤᠭᠤᠴᠠᠭᠠᠨ ᠤ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠤᠷᠠᠯ ᠬᠢᠪᠡ      ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠤ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠪᠣᠯᠤᠨ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠵᠠᠩᠭᠠᠨ  ᠰᠤᠮᠤ 4 ᠳ᠋ᠦ᠋ᠭᠡᠷ ᠰᠠᠷ᠎ᠠ ᠶᠢᠨ 3 ᠤ ᠡᠳᠦᠷ ᠬᠠᠩᠰᠢ ᠶᠢᠨ ᠪᠠᠶᠠᠷ ᠤᠨ ᠬᠤᠭᠤᠴᠠᠭᠠᠨ ᠤ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠪᠠ᠃ ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠴᠠᠭᠠᠨ ᠤ ᠡᠭᠦᠷ ᠤᠨ ᠱᠦᠵᠢ ᠨᠠᠷ ᠡᠨᠡ ᠤᠳᠠᠭ᠎ᠠ ᠶᠢᠨ ᠬᠤᠷᠠᠯ ᠳᠤ ᠣᠷᠣᠯᠴᠠᠪᠠ᠃
4.6.jpg
      ᠬᠤᠷᠠᠯ ᠠᠴᠠ᠂ ᠬᠠᠩᠰᠢ ᠶᠢᠨ ᠬᠤᠭᠤᠴᠠᠭᠠᠨ ᠳᠤ ᠣᠯᠠᠨ ᠲᠦᠮᠡᠨ ᠤ ᠲᠠᠬᠢᠯᠭ᠎ᠠ ᠶᠢᠨ ᠠᠵᠢᠯᠯᠠᠭ᠎ᠠ ᠣᠯᠠᠰᠢᠷᠠᠵᠤ᠂ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠪᠠᠯ᠂ ᠠᠮᠢ ᠠᠬᠤᠢ ᠶᠢᠨ ᠣᠷᠴᠢᠨ ᠲᠣᠭᠤᠷᠢᠨ᠂ ᠮᠠᠯ ᠠᠵᠤ ᠠᠬᠤᠢ ᠶᠢᠨ ᠦᠢᠯᠡᠳᠪᠦᠷᠢᠯᠡᠯ ᠵᠢᠴᠢ ᠣᠯᠠᠨ ᠲᠦᠮᠡᠨ ᠤ ᠠᠮᠢᠳᠤᠷᠠᠯ ᠳᠤ ᠬᠦᠨᠳᠦ ᠨᠣᠴᠢᠲᠠᠢ ᠨᠥᠯᠥᠭᠡ ᠦᠵᠡᠭᠦᠯᠬᠦ ᠪᠣᠯᠤᠨ᠎ᠠ᠃       ᠬᠤᠷᠠᠯ  ᠠᠴᠠ ᠱᠠᠭᠠᠷᠳᠠᠭᠰᠠᠨ ᠨᠢ᠂ ᠡᠯ᠎ᠡ ᠭᠠᠴᠠᠭ᠎ᠠ ᠨᠢ ᠲᠠᠯ᠎ᠠ ᠨᠤᠲᠤᠭ ᠤᠨ ᠭᠠᠯ ᠰᠡᠷᠭᠡᠶᠢᠯᠡᠬᠦ ᠤᠬᠠᠭᠤᠯᠭ᠎ᠠ ᠪᠠᠨ ᠴᠢᠩᠭᠠᠳᠬᠠᠵᠤ᠂ ᠬᠡᠭᠡᠷ᠎ᠡ ᠭᠠᠳᠠᠨ᠎ᠠ ᠶᠢᠨ ᠭᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂  ᠳᠦᠷᠢᠮ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠭᠠᠯ ᠲᠠᠬᠢᠯᠭ᠎ᠠ ᠶᠢᠨ ᠠᠵᠢᠯᠯᠠᠭ᠎ᠠ ᠶᠢ ᠴᠠᠭ ᠲᠤᠬᠠᠢ ᠳᠤᠨᠢ ᠵᠣᠭᠰᠣᠭᠠᠵᠤ᠂ ᠰᠤᠮᠤ ᠵᠢᠴᠢ ᠭᠠᠴᠠᠭ᠎ᠠ ᠨᠢ 24 ᠴᠠᠭ ᠢᠶᠠᠷ ᠵᠢᠵᠢᠭᠦᠷᠯᠡᠬᠦ ᠶᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠵᠤ᠂ ᠭᠠᠯ ᠤᠨ ᠠᠶᠤᠯ ᠭᠠᠷᠪᠠᠯ᠂ ᠲᠣᠭᠲᠠᠭᠰᠠᠨ ᠳᠡᠰ ᠳᠠᠷᠠᠭᠠᠯᠠᠯ ᠢᠶᠠᠷ ᠳᠠᠷᠤᠢ ᠲᠦᠷᠭᠡᠨ ᠮᠡᠳᠡᠭᠦᠯᠬᠦ ᠶᠢᠨ ᠬᠠᠮᠲᠤ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠭᠠᠯ ᠤᠨᠲᠠᠷᠠᠭᠠᠬᠤ ᠬᠡᠷᠡᠭᠲᠡᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2