ᠰᠦᠯᠳᠡ ᠂ ᠭᠠᠯ ᠲᠦᠢᠮᠡᠷ ᠤᠨ ᠠᠶᠤᠯ ᠢ ᠪᠠᠶᠢᠴᠠᠭᠠᠨ ᠲᠣᠳᠣᠷᠬᠠᠶᠢᠯᠠᠬᠤ ᠬᠤᠭᠤᠴᠠᠭᠠᠨ ᠳᠠᠬᠢ ᠣᠢ ᠰᠢᠭᠤᠢ | ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯ ᠳᠤ ᠪᠠᠶᠢᠴᠠᠭᠠᠯᠲᠠ ᠬᠢᠭᠰᠡᠨ | | ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠠᠬᠢ ᠣᠢ ᠰᠢᠭᠤᠢ ᠲᠠᠯ᠎ᠠ ᠨᠤᠲᠤᠭ ᠤᠨ ᠭᠠᠯ ᠰᠡᠷᠭᠡᠶᠢᠯᠡᠬᠦ ᠠᠮᠤᠷ | ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠵᠦ᠂ ᠣᠢ ᠰᠢᠭᠤᠢ ᠲᠠᠯ᠎ᠠ ᠨᠤᠲᠤᠭ ᠤᠨ ᠭᠠᠯ ᠤᠨ ᠭᠠᠮᠰᠢᠭ ᠡᠭᠦᠰᠬᠦ ᠶᠢ | ᠪᠦᠲᠦᠮᠵᠢᠲᠡᠢ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 4 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠦᠯᠳᠡ ᠵᠡᠭᠦᠨ ᠠᠭᠤᠯᠠ ᠶᠢᠨ ᠠᠮᠢ | ᠠᠬᠤᠢ ᠶᠢᠨ ᠴᠡᠴᠡᠷᠯᠢᠭ ᠵᠢᠴᠢ ᠤᠯᠠᠭᠠᠨ ᠬᠤᠸᠠ ᠪᠠᠯᠭᠠᠰᠤᠨ ᠤ ᠣᠶᠢᠷ᠎ᠠ ᠬᠠᠪᠢ ᠶᠢᠨ ᠭᠤᠣᠯ ᠪᠣᠯᠬᠤ ᠵᠠᠮ ᠳᠡᠭᠡᠷ᠎ᠡ ᠭᠠᠯ | ᠰᠡᠷᠭᠡᠶᠢᠯᠡᠬᠦ ᠪᠠ ᠭᠠᠯ ᠤᠨᠲᠠᠷᠠᠭᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠨ᠎ᠠ᠃ | | | | | | ᠵᠡᠭᠦᠨ ᠠᠭᠤᠯᠠ ᠶᠢᠨ ᠠᠮᠢ ᠠᠬᠤᠢ ᠶᠢᠨ ᠴᠡᠴᠡᠷᠯᠢᠭ ᠤᠨ ᠭᠠᠯ ᠰᠡᠷᠭᠡᠶᠢᠯᠡᠬᠦ ᠥᠷᠲᠡᠭᠡ ᠴᠢᠭ ᠵᠢᠴᠢ ᠤᠯᠠᠭᠠᠨ ᠬᠤᠸᠠ | ᠪᠠᠯᠭᠠᠰᠤᠨ ᠤ ᠣᠶᠢᠷ᠎ᠠ ᠬᠠᠪᠢ ᠶᠢᠨ ᠵᠠᠮ ᠤᠨ ᠪᠣᠭᠤᠮᠲᠠ ᠳᠤ ᠰᠦᠯᠳᠡ ᠨᠢ ᠬᠠᠷᠠᠭᠤᠯ ᠮᠠᠨᠠᠭ᠎ᠠ ᠶᠢᠨ ᠪᠠᠶᠢᠢᠷᠢᠰᠢᠭᠤᠯᠤᠯᠳᠠ᠂ | ᠵᠢᠵᠢᠭᠦᠷᠯᠡᠨ ᠰᠠᠬᠢᠬᠤ ᠵᠡᠷᠭᠡ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠲᠠᠢ | ᠭᠦᠨᠵᠡᠭᠡᠢ ᠶᠠᠷᠢᠯᠴᠠᠵᠤ᠂ ᠭᠠᠯ ᠤᠨ ᠡᠬᠢ ᠶᠢ ᠬᠠᠮᠢᠶᠠᠷᠴᠤ ᠡᠵᠡᠮᠳᠡᠬᠦ᠂ ᠤᠬᠠᠭᠤᠯᠤᠨ ᠬᠥᠮᠦᠵᠢᠭᠦᠯᠬᠦ ᠵᠡᠷᠭᠡ ᠠᠵᠢᠯ ᠢ | ᠥᠷᠨᠢᠭᠦᠯᠵᠦ ᠪᠠᠶᠢᠬᠤ ᠪᠠᠶᠢᠳᠠᠯ ᠢ ᠣᠶᠢᠯᠠᠭᠠᠨ᠂ ᠡᠷᠬᠡᠪᠰᠢ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ | ᠪᠠᠶᠢᠵᠤ᠂ ᠵᠢᠵᠢᠭᠦᠷᠯᠡᠨ ᠰᠠᠬᠢᠬᠤ ᠠᠵᠢᠯ ᠢᠶᠠᠨ ᠴᠢᠩᠭᠠᠳᠬᠠᠵᠤ᠂ ᠨᠠᠭᠠᠰᠢ ᠴᠠᠭᠠᠰᠢ ᠶᠠᠪᠤᠬᠤ ᠬᠥᠮᠦᠰ ᠲᠤ ᠤᠬᠠᠭᠤᠯᠭ᠎ᠠ | ᠬᠥᠮᠦᠵᠢᠯ ᠬᠢᠵᠦ᠂ ᠭᠠᠯ ᠤᠨ ᠢᠷᠡᠯᠲᠡ ᠶᠢ ᠴᠢᠩᠭ᠎ᠠ ᠪᠠᠶᠢᠴᠠᠭᠠᠨ᠂ ᠭᠠᠯ ᠬᠡᠷᠡᠭᠯᠡᠬᠦ ᠶᠢ ᠴᠢᠩᠭ᠎ᠠ ᠡᠵᠡᠮᠳᠡᠵᠦ᠂ ᠠᠭᠤᠯᠠ ᠶᠢ | ᠡᠷᠡᠰ ᠰᠠᠬᠢᠨ᠂ ᠬᠥᠮᠦᠨ ᠭᠠᠯ ᠢ ᠬᠠᠮᠢᠶᠠᠷᠴᠤ᠂ ᠣᠢ ᠰᠢᠭᠤᠢ ᠲᠠᠯ᠎ᠠ ᠨᠤᠲᠤᠭ ᠤᠨ ᠭᠠᠯ ᠤᠨ ᠭᠠᠮᠰᠢᠭ ᠤᠨ ᠬᠡᠷᠡᠭ | ᠡᠭᠦᠰᠬᠦ ᠶᠢ ᠬᠤᠷᠢᠭᠯᠠᠬᠤ ᠬᠡᠷᠡᠭᠲᠡᠢ ᠭᠡᠵᠦ ᠵᠠᠬᠢᠵᠠᠢ᠃ | ᠰᠦᠯᠳᠡ᠂ ᠬᠠᠩᠰᠢ ᠶᠢᠨ ᠬᠤᠭᠤᠴᠠᠭᠠᠨ ᠳᠤ ᠲᠠᠬᠢᠯᠭ᠎ᠠ ᠣᠯᠠᠨ᠂ ᠣᠢ ᠰᠢᠭᠤᠢ ᠲᠠᠯ᠎ᠠ ᠨᠤᠲᠤᠭ ᠤᠨ ᠭᠠᠯ ᠢ | ᠰᠡᠷᠭᠡᠶᠢᠯᠡᠬᠦ ᠠᠵᠢᠯ ᠬᠦᠨᠳᠦ ᠰᠢᠯᠭᠠᠯᠲᠠ ᠳᠤ ᠲᠤᠯᠭᠠᠷᠠᠵᠤ ᠪᠠᠶᠢᠨ᠎ᠠ᠂ ᠵᠠᠩᠭᠢᠯᠠᠭ᠎ᠠ ᠨᠢ ᠡᠭᠦᠯᠳᠡᠷ ᠠᠭᠤᠯᠠᠨ ᠳᠤ ᠭᠠᠷᠬᠤ ᠶᠢ | ᠬᠤᠷᠢᠭᠯᠠᠨ᠂ ᠭᠤᠣᠯ ᠨᠢ ᠬᠥᠮᠦᠨ ᠢ ᠬᠠᠮᠢᠶᠠᠷᠴᠤ ᠪᠠᠶᠢᠬᠤ ᠳᠤ ᠪᠠᠶᠢᠨ᠎ᠠ᠃ᠡᠯ᠎ᠡ ᠰᠤᠮᠤ ᠰᠢᠶᠠᠩ ᠪᠠᠯᠭᠠᠰᠤ ᠪᠠ ᠬᠠᠮᠢᠶ᠎ᠠ | ᠪᠦᠬᠦᠢ ᠰᠠᠯᠠᠭ᠎ᠠ ᠮᠥᠴᠢᠷ ᠨᠢ ᠵᠣᠯ ᠳᠠᠭᠠᠷᠠᠬᠤ ᠪᠣᠳᠣᠯ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠳᠡᠭᠡᠳᠦ | ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠰᠠᠯᠠᠭ᠎ᠠ | ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠭᠲᠣᠬᠠᠨ ᠴᠤ ᠠᠯᠳᠠᠬᠤ ᠦᠭᠡᠢ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠢ᠃ ᠣᠢ ᠰᠢᠭᠤᠢ ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ | ᠠᠭᠠᠷ ᠤᠨ ᠰᠡᠷᠭᠡᠶᠢᠯᠡᠯᠲᠡ ᠬᠢᠭᠡᠳ ᠮᠡᠷᠭᠡᠵᠢᠯ ᠤᠨ ᠰᠡᠷᠭᠡᠶᠢᠯᠡᠯᠲᠡ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ | ᠭᠤᠣᠯᠳᠠᠯᠭ᠎ᠠ ᠲᠠᠢ ᠴᠠᠭ ᠬᠤᠭᠤᠴᠠᠭ᠎ᠠ᠂ ᠭᠤᠣᠯᠳᠠᠯᠭ᠎ᠠ ᠲᠠᠢ ᠣᠷᠣᠨ ᠪᠠᠶᠢᠷᠢ ᠪᠠ ᠭᠤᠣᠯ ᠪᠣᠯᠬᠤ ᠵᠠᠮ ᠤᠨ ᠠᠭᠤᠯᠵᠠᠷ ᠲᠤ | ᠴᠠᠭᠳᠠᠨ ᠪᠠᠶᠢᠴᠠᠭᠠᠬᠤ ᠳᠠᠪᠲᠠᠮᠵᠢ ᠤᠳᠠᠭ᠎ᠠ ᠶᠢ ᠤᠯᠠᠮ ᠨᠢᠭᠡ ᠠᠯᠬᠤᠮ ᠨᠢᠭᠤᠴᠠᠯᠠᠵᠤ᠂ 24 ᠴᠠᠭ ᠤᠨ ᠪᠠᠴᠢᠮ ᠪᠠᠶᠢᠳᠠᠯ ᠢ | ᠠᠷᠭᠠᠴᠠᠵᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠭᠠᠯ ᠤᠨ ᠲᠥᠷᠥᠯ ᠪᠠ ᠨᠣᠴᠣᠮᠠᠲᠠᠭᠠᠢ ᠳᠡᠯᠪᠡᠷᠡᠮᠡᠲᠡᠭᠡᠶ ᠡᠳ᠋ | ᠭᠤᠣᠯᠳᠠᠯᠭ᠎ᠠ ᠲᠠᠢ ᠣᠷᠣᠨ ᠳᠤ ᠣᠷᠣᠵᠤ ᠢᠷᠡᠬᠦ ᠶᠢ ᠴᠢᠩᠭ᠎ᠠ ᠴᠠᠭᠠᠵᠠᠯᠠᠵᠤ᠂ ᠣᠢ ᠰᠢᠭᠤᠢ ᠨᠤᠲᠤᠭ ᠪᠡᠯᠴᠢᠭᠡᠷ ᠤᠨ | ᠭᠠᠯ ᠤᠨ ᠭᠠᠮᠰᠢᠭ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | | |