ᠳᠥᠷᠪᠡᠳ ᠬᠤᠰᠢᠭᠤᠨ ᠤ ᠮᠢᠩᠭ᠎ᠠ ᠭᠠᠷᠤᠢ ᠲᠦᠮᠡᠨ ᠮᠦ ᠨᠤᠲᠤᠭ ᠪᠡᠯᠴᠢᠭᠡᠷ ᠰᠡᠯᠭᠦᠨ ᠮᠠᠯᠵᠢᠬᠤ ᠬᠤᠭᠤᠴᠠᠭᠠᠨ ᠳᠤ ᠣᠷᠣᠪᠠ
ᠨᠡᠶᠢᠲᠡᠯᠡᠭᠰᠡᠨ ᠴᠠᠭ᠄
2025/4/9
      ᠳᠥᠷᠪᠡᠳ ᠬᠤᠰᠢᠭᠤᠨ ᠤ ᠮᠢᠩᠭ᠎ᠠ ᠭᠠᠷᠤᠢ ᠲᠦᠮᠡᠨ ᠮᠦ ᠨᠤᠲᠤᠭ ᠪᠡᠯᠴᠢᠭᠡᠷ ᠰᠡᠯᠭᠦᠨ ᠮᠠᠯᠵᠢᠬᠤ ᠬᠤᠭᠤᠴᠠᠭᠠᠨ ᠳᠤ ᠣᠷᠣᠪᠠ      4 ᠳ᠋ᠦ᠋ᠭᠡᠷ ᠰᠠᠷ᠎ᠠ ᠶᠢᠨ 5 ᠠᠴᠠ ᠡᠬᠢᠯᠡᠨ᠂ ᠳᠥᠷᠪᠡᠳ ᠬᠤᠰᠢᠭᠤᠨ ᠤ 1000 ᠭᠠᠷᠤᠢ ᠮᠢᠩᠭᠠᠨ ᠭᠠ ᠪᠡᠯᠴᠢᠭᠡᠷ 45 ᠡᠳᠦᠷ ᠤᠨ ᠬᠠᠪᠤᠷ ᠤᠨ ᠤᠯᠠᠷᠢᠯ ᠤᠨ ᠪᠡᠯᠴᠢᠭᠡᠷ ᠣᠷᠣᠵᠤ ᠠᠮᠠᠷᠠᠨ᠂ ᠲᠠᠯ᠎ᠠ ᠨᠤᠲᠤᠭ ᠢ ᠠᠮᠠᠷᠠᠭᠠᠵᠤ᠂ ᠠᠮᠵᠢᠷᠠᠭᠠᠲᠠᠢ ᠪᠣᠯᠭᠠᠵᠠᠢ᠃       ᠬᠠᠪᠤᠷ ᠪᠣᠯ ᠡᠪᠡᠰᠦ ᠪᠡᠯᠴᠢᠭᠡᠷ ᠨᠣᠭᠤᠭᠠᠷᠠᠬᠤ ᠵᠠᠩᠭᠢᠯᠠᠭ᠎ᠠ ᠶᠢᠨ ᠦᠶ᠎ᠡ ᠪᠣᠯᠬᠤᠷ ᠡᠨᠡ ᠦᠶ᠎ᠡ ᠳᠤ ᠡᠪᠡᠰᠦ ᠪᠡᠯᠴᠢᠭᠡᠷ ᠮᠠᠰᠢ ᠬᠡᠪᠡᠷᠡᠭ ᠪᠠᠶᠢᠵᠤ᠂ ᠨᠠᠷᠢᠯᠢᠭ ᠬᠠᠮᠠᠭᠠᠯᠠᠬᠤ ᠬᠡᠷᠡᠭᠲᠡᠢ᠃ᠲᠠᠯ᠎ᠠ ᠨᠤᠲᠤᠭ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠬᠠᠮᠠᠭᠠᠯᠠᠨ ᠠᠰᠢᠭᠯᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠤᠰᠠᠳᠠ᠂ ᠳᠥᠷᠪᠡᠳ ᠬᠤᠰᠢᠭᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠯᠢ ᠣᠯᠠᠨ ᠠᠷᠭ᠎ᠠ ᠬᠡᠮᠵᠢᠶ᠎ᠡ ᠠᠪᠴᠤ᠂ ᠨᠤᠲᠤᠭ ᠪᠡᠯᠴᠢᠭᠡᠷ ᠤᠨ ᠬᠠᠪᠤᠷ ᠤᠨ ᠤᠯᠠᠷᠢᠯ ᠳᠤ ᠭᠦᠢᠴᠡᠳ ᠠᠮᠢᠯᠠᠨ ᠰᠡᠷᠭᠦᠬᠦ ᠶᠢ ᠦᠨᠡᠨᠬᠦ ᠪᠠᠲᠤᠯᠠᠬᠤ ᠬᠡᠷᠡᠭᠲᠡᠢ᠃
4.9+1.jpg
      4 ᠳ᠋ᠦ᠋ᠭᠡᠷ ᠰᠠᠷ᠎ᠠ ᠶᠢᠨ 7 ᠳᠤ ᠰᠤᠷᠪᠤᠯᠵᠢᠯᠠᠭᠴᠢ ᠴᠠᠭᠠᠨ ᠪᠤᠯᠠᠭ ᠰᠤᠮᠤ ᠶᠢᠨ ᠭᠡᠷᠡᠯᠲᠦ ᠲᠤᠶᠠᠭ᠎ᠠ ᠭᠠᠴᠠᠭᠠᠨ ᠤ ᠮᠠᠯᠴᠢᠨ ᠵᠧᠩ ᡁᠢ ᠸᠧᠨ ᠤ ᠭᠡᠷ ᠲᠤ ᠬᠦᠷᠬᠦ ᠳᠤ᠂ ᠲᠡᠷᠡ ᠪᠠᠷ ᠦᠬᠡᠷ ᠲᠤ ᠪᠠᠨ ᠡᠪᠡᠰᠦ ᠪᠣᠷᠳᠤᠭ᠎ᠠ ᠬᠢᠵᠦ ᠥᠭᠬᠦ ᠪᠠᠷ ᠵᠠᠪ ᠶᠠᠭᠠᠷᠠᠵᠤ ᠪᠠᠶᠢᠯ᠎ᠠ᠃ᠵᠧᠩ ᡁᠢ ᠸᠧᠨ ᠤ ᠬᠢᠨ 3800 ᠭᠠᠷᠤᠢ ᠮᠦ ᠪᠡᠯᠴᠢᠭᠡᠷ ᠲᠡᠭᠡᠨ 70 ᠭᠠᠷᠤᠢ ᠬᠤᠨᠢ 30 ᠦᠬᠡᠷ ᠲᠡᠵᠢᠭᠡᠵᠦ ᠪᠠᠶᠢᠵᠠᠢ᠃ᠥᠨᠵᠢᠭᠦᠯᠦᠨ ᠮᠠᠯᠯᠠᠬᠤ ᠬᠤᠭᠤᠴᠠᠭᠠᠨ ᠳᠤ ᠮᠠᠯ ᠰᠦᠷᠦᠭ ᠤᠨ ᠲᠤᠭ᠎ᠠ ᠲᠣᠯᠣᠭᠠᠢ ᠶᠢ ᠲᠡᠵᠢᠭᠡᠬᠦ ᠠᠰᠠᠭᠤᠳᠠᠯ ᠢ ᠠᠷᠭᠠᠴᠠᠭᠠᠬᠤ ᠶᠢᠨ ᠲᠤᠯᠠᠳᠠ᠂ ᠲᠡᠷᠡ ᠲᠡᠵᠢᠭᠡᠯ ᠡᠪᠡᠰᠦ ᠪᠣᠷᠳᠤᠭ᠎ᠠ ᠶᠢ ᠤᠷᠢᠳᠴᠢᠯᠠᠨ ᠨᠥᠭᠡᠴᠡᠯᠡᠵᠦ᠂ ᠦᠬᠡᠷ ᠬᠤᠨᠢ ᠥᠨᠵᠢᠭᠦᠯᠦᠨ ᠮᠠᠯᠯᠠᠬᠤ ᠬᠤᠭᠤᠴᠠᠭᠠᠨ ᠳᠤ ᠭᠦᠢᠴᠡᠳ ᠰᠢᠮ᠎ᠡ ᠲᠡᠵᠢᠭᠡᠯ ᠤᠨ ᠬᠠᠩᠭᠠᠯᠭ᠎ᠠ ᠣᠯᠬᠤ ᠶᠢ ᠦᠨᠡᠨ ᠬᠣ ᠪᠠᠲᠤᠯᠠᠵᠠᠢ᠃
4.9+2.jpg
      《 ᠪᠡᠯᠴᠢᠭᠡᠷ ᠰᠡᠷᠭᠦᠭᠡᠬᠦ ᠬᠤᠭᠤᠴᠠᠭᠠᠨ ᠳᠤ ᠪᠢ 20 ᠲᠤᠨ ᠡᠪᠡᠰᠦ᠂ ᠳᠣᠯᠤᠭ᠎ᠠ ᠨᠠᠢᠮᠠᠨ ᠲᠤᠨ ᠪᠣᠷᠳᠤᠭ᠎ᠠ ᠪᠡᠯᠡᠳᠬᠡᠵᠦ᠂ ᠪᠡᠯᠴᠢᠭᠡᠷ ᠰᠡᠷᠭᠦᠭᠡᠬᠦ ᠬᠤᠭᠤᠴᠠᠭ᠎ᠠ ᠳᠠᠭᠤᠰᠴᠤ᠂ ᠡᠪᠡᠰᠦ ᠤᠷᠭᠤᠵᠤ᠂ ᠠᠮᠢ ᠠᠬᠤᠢ ᠶᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠠᠮᠢ ᠠᠬᠤᠢ ᠰᠠᠶᠢᠵᠢᠷᠠᠭᠰᠠᠨ ᠠᠴᠠ ᠪᠣᠯᠵᠤ ᠮᠠᠨ ᠤ ᠮᠠᠯᠴᠢᠳ ᠲᠤ ᠪᠦᠷ ᠠᠰᠢᠭᠲᠠᠢ ᠪᠣᠯᠵᠠᠢ  ᠭᠡᠵᠦ ᠵᠧᠩ ᡁᠢ ᠧᠧᠨ ᠬᠡᠯᠡᠨ᠎ᠡ᠃ ᠬᠠᠪᠤᠷ ᠤᠨ ᠬᠠᠰᠢᠶᠠᠯᠠᠭ᠎ᠠ ᠶᠢᠨ ᠠᠵᠢᠯ ᠤᠨ ᠳᠤᠮᠳᠠ᠂ ᠳᠥᠷᠪᠡᠳ ᠬᠤᠰᠢᠭᠤᠨ ᠤ ᠣᠢ ᠰᠢᠭᠤᠢ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠨᠢ ᠨᠤᠲᠤᠭ ᠪᠡᠯᠴᠢᠭᠡᠷ ᠢ ᠰᠡᠯᠭᠦᠨ ᠮᠠᠯᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠵᠦ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠥᠷᠭᠡᠨ ᠣᠯᠠᠨ ᠲᠠᠷᠢᠶᠠᠴᠢᠨ ᠮᠠᠯᠴᠢᠳ ᠲᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠲᠠᠷᠢᠶᠠᠴᠢᠨ ᠮᠠᠯᠴᠢᠳ ᠢ ᠬᠠᠪᠤᠷ ᠤᠨ ᠰᠡᠯᠭᠦᠨ ᠮᠠᠯᠵᠢᠬᠤ ᠲᠣᠭᠲᠠᠭᠠᠯ ᠢ ᠤᠬᠠᠮᠰᠠᠷ ᠠᠴᠠ ᠨᠢ ᠭᠦᠢᠴᠡᠳᠬᠡᠯᠭᠡᠬᠦ ᠬᠡᠷᠡᠭᠲᠡᠢ᠃ ᠡᠭᠦᠨ ᠤ ᠬᠠᠮᠲᠤ ᠬᠤᠰᠢᠭᠤ ᠭᠤᠷᠪᠠᠨ ᠱᠠᠲᠤᠨ ᠤ ᠲᠠᠯ᠎ᠠ ᠨᠤᠲᠤᠭ ᠤᠨ ᠲᠣᠣᠷᠯᠠᠭᠴᠢ ᠪᠠ ᠣᠢ ᠬᠠᠮᠠᠭᠠᠯᠠᠭᠴᠢ ᠲᠣᠭᠲᠠᠭᠰᠠᠨ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠴᠢᠩᠭ᠎ᠠ ᠬᠠᠮᠢᠶᠠᠷᠤᠨ᠂ ᠬᠠᠤᠯᠢ ᠪᠤᠰᠤ ᠪᠠᠷ ᠮᠠᠯ ᠮᠠᠯᠵᠢᠬᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠪᠡᠯᠴᠢᠭᠡᠷ ᠰᠡᠷᠭᠦᠭᠡᠬᠦ ᠲᠥᠷᠥ ᠶᠢᠨ ᠪᠣᠳᠣᠯᠭ᠎ᠠ ᠶᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃        ᠳᠥᠷᠪᠡᠳ ᠬᠤᠰᠢᠭᠤᠨ ᠤ ᠣᠢ ᠰᠢᠭᠤᠢ ᠪᠣᠯᠤᠨ ᠲᠠᠯ᠎ᠠ ᠨᠤᠲᠤᠭ ᠤᠨ ᠲᠣᠪᠴᠢᠶᠠᠨ ᠤ ᠬᠠᠷᠢᠭᠤᠴᠠᠯᠭᠠᠲᠠᠨ᠄ 《 ᠪᠡᠯᠴᠢᠭᠡᠷ ᠰᠡᠷᠭᠦᠭᠡᠬᠦ ᠬᠤᠭᠤᠴᠠᠭᠠᠨ ᠳᠤ᠂ ᠪᠢᠳᠡ ᠲᠠᠯ᠎ᠠ ᠨᠤᠲᠤᠭ ᠤᠨ ᠲᠣᠣᠷᠴᠢᠯᠠᠭᠴᠢ ᠪᠣᠯᠤᠨ ᠣᠢ ᠬᠠᠮᠠᠭᠠᠯᠠᠭᠴᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠶᠠᠷ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠣᠶᠤᠨᠲᠤ ᠬᠢᠨᠠᠨ ᠬᠠᠮᠢᠶᠠᠷᠤᠯᠲᠠ ᠶᠢᠨ ᠲᠠᠪᠴᠠᠩ ᠢ ᠲᠦᠰᠢᠭᠯᠡᠨ᠂ ᠥᠨᠳᠥᠷ ᠲᠣᠳᠣᠷᠠᠴᠠᠲᠤ ᠳᠦᠷᠰᠦ ᠰᠢᠩᠭᠡᠭᠡᠯᠲᠡ ᠪᠣᠯᠤᠨ ᠬᠥᠮᠦᠨ ᠦᠭᠡᠢ ᠮᠠᠰᠢᠨ ᠤ ᠮᠡᠷᠭᠡᠵᠢᠯ ᠢ ᠠᠰᠢᠭᠯᠠᠵᠤ᠂ ᠭᠠᠵᠠᠷ ᠵᠦᠢ ᠶᠢᠨ ᠣᠷᠣᠨ ᠵᠠᠢ ᠶᠢᠨ ᠬᠢᠵᠠᠭᠠᠷᠯᠠᠯ ᠢ ᠰᠢᠪᠲᠤᠯᠤᠨ᠂ ᠪᠡᠯᠴᠢᠭᠡᠷ ᠥᠨᠵᠢᠭᠦᠯᠬᠦ ᠲᠣᠭᠤᠷᠢᠭ ᠲᠤ 24 ᠴᠠᠭ᠂ ᠪᠦᠬᠦ ᠲᠠᠯ᠎ᠠ ᠶᠢᠨ᠂ ᠥᠨᠴᠥᠭ ᠪᠤᠯᠤᠩ ᠦᠭᠡᠢ ᠬᠥᠳᠡᠯᠦᠩᠭᠦᠢ ᠬᠢᠨᠠᠨ ᠬᠡᠮᠵᠢᠯᠲᠡ ᠬᠢᠵᠦ᠂ ᠦᠨᠡᠨ ᠪᠣᠳᠠᠲᠠᠢ ᠠᠵᠢᠯᠯᠠᠬᠤ ᠣᠪᠣᠷ ᠢᠶᠠᠷ ᠮᠠᠨ ᠤ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠠᠯ᠎ᠠ ᠨᠤᠲᠤᠭ ᠤᠨ ᠠᠮᠢ ᠠᠬᠤᠢ ᠶᠢᠨ ᠠᠮᠲᠠᠷᠠᠯᠲᠠ ᠪᠠ ᠠᠮᠢᠯᠠᠯ ᠤᠨ ᠬᠦᠴᠦᠨ ᠢ ᠬᠠᠪᠰᠤᠷᠤᠨ᠎ᠠ 》 ᠭᠡᠵᠦ ᠢᠯᠡᠳᠬᠡᠪᠡ᠃ ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ  
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2